ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠢᠯᠢ ᠶᠢᠨ ᠬᠤᠲᠠ ᠶᠢᠨ ᠬᠤᠲᠠ ᠶᠢᠨ  ᠲᠡᠭᠦᠷᠭᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/19
    11 ᠳ᠋ᠦ᠋ᠭᠡᠷ ᠰᠠᠷ᠎ᠠ ᠶᠢᠨ 11 ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠮᠢᠩ ᠵᠢᠶᠠᠨ ᠪᠦᠯᠬᠦᠮ ᠳᠠᠭᠠᠭᠤᠯᠤᠨ ᠰᠢᠯᠢᠩᠬᠤᠲᠠ ᠶᠢᠨ ᠪᠢᠯᠢᠭ ᠮᠠᠯᠵᠢᠯ ᠤᠨ ᠲᠠᠯᠠᠪᠠᠶ᠂ ᠪᠠᠶᠠᠨ ᠬᠦᠷᠢᠶ᠎ᠡ ᠮᠠᠯᠵᠢᠯ ᠤᠨ ᠲᠠᠯᠠᠪᠠᠶ᠂ ᠪᠠᠶᠠᠨᠰᠢᠯᠢ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠨ ᠰᠢᠯᠢᠩᠬᠤᠲᠠ ᠶᠢᠨ ᠬᠤᠲᠠ ᠶᠢᠨ ᠲᠡᠭᠦᠷᠭᠡ ᠶᠢᠨ ᠵᠢᠭᠤᠯᠴᠢᠯᠠᠯ ᠢ ᠥᠷᠨᠢᠭᠦᠯᠦᠭᠰᠡᠨ ᠪᠠᠶᠢᠳᠠᠯ᠂ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ᠂ ᠢᠷᠡᠭᠡᠳᠦᠶ ᠶᠢᠨ ᠬᠥᠭᠵᠢᠯᠲᠡ ᠶᠢᠨ ᠲᠥᠯᠥᠪᠯᠡᠭᠡ ᠵᠡᠷᠭᠡ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ ᠰᠢᠯᠢᠩᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠨᠠᠪᠴᠢᠮ᠎ᠠ᠂ ᠬᠤᠲᠠ ᠶᠢᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ  ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠯᠢ ᠶᠢᠨ ᠭᠤᠤᠯ ᠤᠨ ᠲᠠᠯ᠎ᠠ ᠨᠤᠲᠤᠭ  ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠫᠢᠩ ᠳ᠋ᠢᠩ ᠱᠠᠨ ᠬᠦᠷᠢᠶᠡᠯᠡᠩ᠂ ᠪᠢᠯᠢᠭ ᠮᠠᠯᠵᠢᠯ  ᠤᠨ ᠲᠠᠯᠠᠪᠠᠶ ᠶᠢᠨ ᠥᠯᠵᠡᠶᠢᠲᠦ ᠪᠠᠯᠭᠠᠰᠤ᠂ ᠪᠠᠶᠠᠨ ᠬᠦᠷᠢᠶ᠎ᠡ ᠬᠠᠭᠤᠴᠢᠨ ᠲᠠᠯᠠᠪᠠᠶ ᠶᠢᠨ ᠬᠡᠰᠡᠭ᠂ ᠰᠢᠯᠢ ᠶᠢᠨ ᠭᠤᠤᠯ  ᠤᠨ ᠲᠠᠯ᠎ᠠ ᠨᠤᠲᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ  ᠤ ᠰᠤᠳᠤᠯᠭᠠᠨ ᠤ ᠤᠬᠠᠭᠤᠯᠤᠨ ᠬᠥᠮᠦᠵᠢᠭᠦᠯᠬᠦ ᠰᠠᠭᠤᠷᠢᠨ᠂ ᠵᠢᠭᠠᠰᠤᠲᠠᠶ ᠨᠠᠭᠤᠷ᠂ ᠮᠣᠷᠢᠨ ᠮᠡᠷᠭᠡᠵᠢᠯ ᠤᠨ ᠪᠣᠯᠪᠠᠰᠤᠷᠠᠯ ᠤᠨ ᠡᠷᠦᠬᠡ᠂ ᠪᠠᠶᠠᠨᠰᠢᠯᠢ ᠮᠠᠯᠵᠢᠯ ᠤᠨ ᠲᠠᠯᠠᠪᠠᠶ ᠶᠢᠨ ᠲᠠᠯᠠᠪᠠᠶ ᠶᠢᠨ ᠬᠡᠰᠡᠭ ᠤᠨ ᠶᠣᠰᠣᠯᠠᠯ ᠤᠨ ᠲᠠᠩᠬᠢᠮ ᠵᠡᠷᠭᠡ ᠭᠠᠵᠠᠷ ᠲᠤ ᠬᠦᠷᠴᠦ᠂  ᠤᠯᠤᠰ ᠤᠨ ᠥᠮᠴᠢᠯᠡᠯᠲᠦ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠲᠥᠯᠥᠪᠵᠢᠭᠦᠯᠭᠡ ᠲᠠᠨᠢᠯᠴᠠᠭᠤᠯᠭ᠎ᠠ᠂ ᠶᠡᠷᠦᠩᠬᠡᠶᠢᠯᠡᠭᠰᠡᠨ ᠠᠰᠢᠭᠯᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠣᠶᠢᠯᠠᠭᠠᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠰᠠᠨᠠᠮᠵᠢ ᠶᠢ ᠭᠦᠨᠵᠡᠭᠡᠶ ᠣᠶᠢᠯᠠᠭᠠᠪᠠ  ᠃     ᠲᠣᠪᠴᠢᠶᠠᠨ ᠳᠠᠷᠤᠭ᠎ᠠ ᠾᠧ ᠮᠢᠩ ᠵᠢᠶᠠᠨ᠂ ᠰᠢᠯᠢᠩᠬᠤᠲᠠ ᠶᠢᠨ ᠤᠯᠤᠰ ᠤᠨ ᠥᠮᠴᠢᠯᠡᠯᠲᠦ ᠭᠤᠷᠪᠠᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠮᠠᠰᠢ ᠰᠠᠶᠢᠨ ᠨᠡᠭᠡᠭᠡᠨ ᠠᠰᠢᠭᠯᠠᠬᠤ ᠦᠨ᠎ᠡ ᠥᠷᠲᠡᠭ ᠲᠠᠢ᠃ ᠵᠢᠭᠤᠯᠴᠢᠯᠠᠯ ᠤᠨ ᠦᠶᠯᠡᠰ ᠨᠢ 《 ᠨᠢᠭᠡ ᠦᠶᠯᠡᠰ ᠢᠶᠠᠷ ᠵᠠᠭᠤᠨ ᠦᠶᠯᠡᠰ ᠢ ᠳᠠᠶᠢᠴᠢᠯᠠᠬᠤ 》 ᠬᠤᠯᠪᠣᠭᠳᠠᠬᠤ ᠪᠠ ᠳᠠᠶᠢᠴᠢᠯᠠᠬᠤ ᠰᠢᠨᠵᠢ ᠴᠢᠨᠠᠷ ᠲᠠᠢ  ᠃ ᠲᠠᠷᠠᠭᠠᠴᠢ ᠶᠢᠨ ᠠᠯᠬᠤᠮ ᠳᠤ᠂  ᠤᠯᠤᠰ ᠤᠨ ᠥᠮᠴᠢᠯᠡᠯᠲᠦ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ ᠨᠢ ᠵᠢᠭᠤᠯᠴᠢᠯᠠᠯ ᠤᠨ ᠡᠬᠢ ᠪᠠᠶᠠᠯᠢᠭ ᠢᠶᠠᠨ ᠢᠳᠡᠪᠬᠢᠲᠡᠶ ᠡᠮᠬᠢᠯᠡᠨ ᠨᠡᠶᠢᠯᠡᠭᠦᠯᠵᠦ᠂ ᠵᠦᠶ ᠵᠣᠬᠢᠰᠲᠠᠶ ᠲᠥᠯᠥᠪᠵᠢᠭᠦᠯᠦᠨ ᠪᠠᠶᠢᠷᠢᠰᠢᠭᠤᠯᠵᠤ᠂ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠂ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠰᠢᠯᠢ ᠶᠢᠨ ᠬᠤᠲᠠ ᠶᠢᠨ ᠵᠢᠭᠤᠯᠴᠢᠯᠠᠯ ᠤᠨ ᠲᠥᠪ ᠬᠤᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠤᠨ ᠰᠢᠰᠲ᠋ᠧᠮ ᠳᠤ ᠬᠢ ᠴᠢᠬᠤᠯᠠ ᠵᠠᠩᠭᠢᠯᠠᠭ᠎ᠠ ᠶᠢᠨ ᠦᠶᠯᠡᠳᠦᠯ ᠢ ᠰᠠᠶᠢᠲᠤᠷ ᠪᠠᠳᠠᠷᠠᠭᠤᠯᠤᠨ᠎ᠠ  ᠬᠡᠵᠦ ᠵᠢᠭᠠᠨ ᠭᠠᠷᠭᠠᠪᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号