ᠬᠢᠩᠭᠠᠨ ᠠᠶᠢᠮᠠᠭ ᠤᠨ ᠵᠠᠬᠢᠷᠭ᠎ᠠ ᠶᠢᠨ ᠠᠶᠢᠮᠠᠭ  ᠤᠨ ᠳᠠᠷᠤᠭ᠎ᠠ ᠰᠦᠬᠡ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠦᠷᠴᠦ ᠠᠵᠢᠯ ᠢᠶᠠᠨ ᠵᠤᠯᠭᠠᠭᠤᠯᠪᠠ
ᠨᠡᠶᠢᠲᠡᠯᠡᠭᠰᠡᠨ ᠴᠠᠭ᠄
2021/11/22
     11 ᠳ᠋ᠦ᠋ᠭᠡᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠶᠢᠮᠠᠭ  ᠤᠨ ᠳᠠᠷᠤᠭ᠎ᠠ ᠰᠦᠬᠡ ᠪᠦᠯᠬᠦᠮ ᠳᠠᠭᠠᠭᠤᠯᠤᠨ᠂ ᠠᠶᠢᠮᠠᠭ ᠤᠨ ᠳᠡᠳ᠋ ᠳᠠᠷᠤᠭ᠎ᠠ ᠴᠢᠦᠶ ᠵᠧᠨ ᠨᠢᠶᠠᠨ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶᠠᠨ ᠤ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠦᠷᠴᠦ ᠬᠢᠩᠭᠠᠨ ᠠᠶᠢᠮᠠᠭ ᠤᠨ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠶ ᠭᠦᠨᠵᠡᠭᠡᠶ ᠵᠣᠯᠭᠠᠭᠤᠯᠤᠨ ᠰᠣᠯᠢᠯᠴᠠᠪᠠ  ᠃
     ᠰᠦᠬᠡ ᠨᠡᠷ ᠬᠢᠩᠭᠠᠨ ᠠᠶᠢᠮᠠᠭ ᠤᠨ ᠡᠨᠡ ᠵᠢᠯ ᠤᠨ ᠵᠢᠭᠤᠯᠴᠢᠯᠠᠯ ᠤᠨ ᠦᠶᠯᠡᠰ ᠤᠨ ᠲᠠᠯ᠎ᠠ ᠪᠠᠷ ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ ᠢ ᠨᠠᠷᠢᠨ ᠲᠠᠨᠢᠯᠴᠠᠭᠤᠯᠵᠤ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠪᠠᠶᠢᠳᠠᠯ ᠢ ᠲᠣᠳᠣᠷᠬᠠᠶᠢᠯᠠᠨ ᠥᠭᠦᠯᠡᠬᠦ ᠶᠢᠨ ᠬᠠᠮᠲᠤ ᠬᠢᠩᠭᠠᠨ ᠠᠶᠢᠮᠠᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ᠂ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠵᠢᠭᠤᠯᠴᠢᠯᠠᠯ ᠤᠨ ᠦᠶᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠠᠭᠤᠰᠤᠯᠴᠠᠭᠤᠯᠬᠤ ᠵᠡᠷᠭᠡ ᠲᠠᠯ᠎ᠠ ᠪᠠᠷ ᠭᠦᠨᠵᠡᠭᠡᠶ ᠵᠣᠯᠭᠠᠭᠤᠯᠪᠠ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤ᠋ ᠹᠧᠩ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠵᠢᠴᠢ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠰᠠᠭᠤᠳᠠᠯ ‍ᠤᠨ‌ᠬᠤᠷᠠᠯ ᠳᠤ ᠣᠷᠣᠯᠴᠠᠵᠠᠢ  ᠃
     ᠲᠢᠩᠬᠢᠮ ᠤᠨ ᠳᠠᠷᠤᠭ᠎ᠠ ᠬᠤ᠋ ᠹᠧᠩ᠂ ᠰᠦᠬᠡ ᠠᠶᠢᠮᠠᠭ ᠤᠨ ᠳᠠᠷᠤᠭ᠎ᠠ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠬᠢᠩᠭᠠᠨ ᠠᠶᠢᠮᠠᠭ ᠤᠨ ᠵᠢᠭᠤᠯᠴᠢᠯᠠᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠨᠤᠲᠠᠯᠠᠵᠤ ᠪᠠᠶᠢᠬᠤ ᠪᠠᠨ ᠢᠯᠡᠳᠬᠡᠪᠡ  ᠃ ᠲᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠵᠡᠷᠭᠡ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ᠂ ᠲᠠᠪᠠᠯᠲᠠ ᠲᠠᠢ ᠬᠦᠭᠵᠢᠬᠦ ᠶᠢ ᠪᠡᠶᠡᠯᠡᠭᠦᠯᠬᠦ ᠶᠢ ᠠᠬᠢᠭᠤᠯᠤᠨ᠎ᠠ  ᠃  
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号