《 ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠤᠯᠤᠨ᠎ᠠ 》 — ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ︽ᠪᠠᠶᠠᠷ ᠪᠠᠶᠠᠰᠤᠯ᠂ ᠤᠶᠤᠨ ᠤ ᠪᠤᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠬᠡᠷᠦᠯᠦᠨ ᠰᠤᠮᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2021/11/22
     ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 《〈 ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ 〉 ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠲᠤᠬᠠᠶ ᠲᠥᠰᠦᠯ 》 ᠤᠨ ᠮᠡᠳᠡᠭᠳᠡᠯ ᠤᠨ ᠱᠠᠭᠠᠷᠳᠠᠯᠭ᠎ᠠ  ᠶᠢ ᠦᠨᠳᠦᠰᠦᠯᠡᠨ᠂ 11 ᠳ᠋ᠦ᠋ᠭᠡᠷ ᠰᠠᠷ᠎ᠠ ᠶᠢᠨ 13 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠠᠭᠠᠨᠮᠥ᠋ᠴᠢᠷ ᠢᠶᠠᠷ ᠪᠦᠷᠢᠯᠳᠦᠭᠰᠡᠨ ᠦᠨᠳᠦᠰᠦᠨ ᠱᠠᠲᠤᠨ ᠤ ᠦᠶᠯᠡᠴᠢᠯᠡᠭᠡᠨ ᠤ ᠨᠢᠭᠡᠳᠦᠭᠡᠷ ᠰᠠᠯᠪᠤᠷᠢ ᠠᠩᠭᠢ ᠬᠡᠷᠦᠯᠦᠨ ᠰᠤᠮᠤ ᠳᠤ ᠭᠦᠨᠵᠡᠭᠡᠶᠢᠷᠡᠨ ᠳᠥᠷᠪᠡᠨ ᠭᠠᠴᠠᠭ᠎ᠠ ᠵᠢᠴᠢ ᠤᠮᠠᠷᠠᠲᠤ ᠬᠢᠯᠢ ᠶᠢᠨ ᠬᠤᠪᠢᠰᠬᠠᠯᠲᠤ ᠪᠠᠬᠢᠯᠡᠯᠲᠡ  ᠶᠢᠨ ᠡᠷᠦᠬᠡ ᠳᠤ ᠬᠦᠷᠴᠦ 《 ᠪᠠᠶᠠᠷ ᠪᠠᠶᠠᠰᠤᠯ᠂ ᠤᠶᠤᠨ ᠤ ᠪᠣᠯᠪᠠᠰᠤᠨ ᠬᠦᠷᠭᠡᠬᠦ 》 ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ  ᠃ ᠮᠠᠯᠴᠢᠨ ᠲᠠᠷᠢᠶᠠᠴᠢᠨ ᠲᠦᠮᠡᠨ ᠤ ᠬᠡᠷᠡᠭᠴᠡᠭᠡ ᠪᠣᠯᠤᠨ ᠭᠠᠵᠠᠷ ᠣᠷᠣᠨ ᠤ ᠣᠨᠴᠠᠯᠢᠭ ᠢ ᠦᠨᠳᠦᠰᠦᠯᠡᠨ᠂ ᠲᠣᠰ ᠤᠳᠠᠭᠠᠨ ᠤ ᠠᠵᠢᠯᠯᠠᠭ᠎ᠠ ᠨᠢ 30 ᠭᠠᠷᠤᠶ ᠲᠠᠯᠠᠪᠤᠷ ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠣᠯᠤᠨ᠎ᠠ  ᠃      ᠠᠵᠢᠯᠯᠠᠭ᠎ᠠ ᠨᠢ《 ᠤᠯᠠᠭᠠᠨᠮᠥ᠋ᠴᠢᠷ + 》 ᠵᠠᠭᠪᠤᠷ ᠢᠶᠠᠷ ᠥᠷᠨᠢᠭᠦᠯᠵᠦ᠂ ᠲᠠᠭᠤᠤ 《 ᠠᠪᠤ 》᠂ 《 ᠦᠨᠳᠦᠰᠦ 》᠂     《 ᠵᠡᠭᠦᠳᠦᠨ ᠳᠤ ᠬᠢ ᠡᠵᠢ 》᠂ 《 ᠮᠤᠨᠢ ᠠᠭᠤᠯᠠ 》᠂ 《 ᠨᠠᠮ ᠤᠨ ᠲᠤᠭ ᠨᠡᠩ ᠰᠣᠷᠭᠤᠭ ᠰᠠᠶᠢᠬᠠᠨ 》᠂ ᠮᠣᠷᠢᠨ ᠬᠤᠭᠤᠷ ᠤᠨ ᠭᠤᠴᠣᠯᠠᠯ ᠬᠥᠭᠵᠢᠮ《 ᠰᠠᠭᠠᠷᠠᠯ ᠮᠣᠷᠢ 》᠂ 《 ᠠᠵᠢᠨᠠᠶ ᠬᠦᠯᠦᠭ 》 ᠵᠡᠷᠭᠡ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠲᠣᠭᠯᠠᠯᠲᠠ ᠶᠢᠨ ᠵᠠᠶ ᠵᠠᠪᠰᠠᠷ ᠢᠶᠠᠷ᠂ ᠪᠠᠭ᠎ᠠ ᠰᠠᠯᠪᠤᠷᠢ ᠠᠩᠭᠢ ᠶᠢᠨ ᠭᠡᠰᠢᠭᠦᠳ ᠪᠠᠰᠠ ᠨᠠᠮ ᠤᠨ ᠲᠡᠦᠬᠡ ᠶᠢ ᠤᠬᠠᠭᠤᠯᠤᠨ ᠲᠠᠶᠢᠯᠪᠤᠷᠢᠯᠠᠬᠤ᠂ ᠤᠳᠬ᠎ᠠ ᠤᠷᠠᠯᠢᠭ  ᠤᠨ ᠬᠠᠪᠰᠤᠷᠤᠨ ᠵᠢᠯᠣᠭᠤᠳᠣᠯᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠵᠡᠷᠭᠡ ᠠᠭᠤᠯᠭ᠎ᠠ ᠶᠢ ᠦᠶᠯᠡᠴᠢᠯᠡᠭᠡᠨ ᠤ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠠᠵᠢᠯᠯᠠᠭ᠎ᠠ ᠶᠢᠨ ᠠᠬᠤᠶ ᠲᠠᠯᠠᠪᠠᠶ ᠳᠤ ᠪᠠᠶᠠᠷ ᠬᠥᠷ ᠪᠢᠯᠬᠠᠭᠤᠯᠤᠨ᠂ ᠦᠶᠯᠡᠴᠢᠯᠡᠭᠡ ᠪᠠᠨ ᠮᠠᠯᠴᠢᠨ ᠲᠠᠷᠢᠶᠠᠴᠢᠨ ᠣᠯᠠᠨ ᠲᠦᠮᠡᠨ ᠤ ᠳᠡᠷᠭᠡᠳᠡ ᠬᠦᠷᠭᠡᠪᠡ  ᠃      ᠲᠣᠰ ᠤᠳᠠᠭᠠᠨ ᠤ 《 ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ 》 ᠭᠤᠤᠯ ᠰᠡᠳᠦᠪᠲᠦ ᠠᠵᠢᠯᠯᠠᠭᠠᠨ ᠳᠤ ᠰᠢᠨ᠎ᠡ ᠪᠠᠷᠭᠤ ᠪᠠᠷᠠᠭᠤᠨ ᠬᠤᠰᠢᠭᠤᠨ  ᠤ ᠤᠯᠠᠭᠠᠨᠮᠥ᠋ᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠪᠠᠭ᠎ᠠ ᠰᠠᠯᠪᠤᠷᠢ‌ᠠᠩᠭᠢ ᠶᠢᠨ ᠭᠡᠰᠢᠭᠦᠳ ᠴᠥᠮ ᠠᠮᠠᠪᠴᠢ ᠵᠡᠭᠦᠭᠦ᠂ ᠪᠡᠶ᠎ᠡ ᠶᠢᠨ ᠬᠠᠯᠠᠭᠤᠨ ᠢ ᠭᠡᠮᠵᠢᠬᠦ ᠵᠡᠷᠭᠡ ᠪᠡᠯᠡᠳᠬᠡᠯ ᠠᠵᠢᠯ ᠢ ᠰᠠᠶᠢᠲᠤᠷ ᠲᠣᠬᠢᠷᠠᠭᠤᠯᠤᠭᠰᠠᠨ ᠪᠥᠭᠡᠳ ᠲᠣᠭᠯᠠᠯᠲᠠ ᠶᠢᠨ ᠤᠳᠤᠷᠢᠳᠤᠮᠵᠢ ᠶᠢᠨ ᠪᠣᠭᠤᠮᠲᠠ ᠪᠠ ᠠᠭᠤᠯᠭ᠎ᠠ ᠶᠢᠨ ᠪᠣᠭᠤᠮᠲᠠ ᠶᠢ ᠴᠢᠩᠭ᠎ᠠ ᠡᠵᠡᠮᠳᠡᠵᠦ᠂ ᠦᠨᠳᠦᠰᠦᠨ ᠱᠠᠲᠤᠨ ᠳᠤ ᠳᠠᠷᠤᠭᠠᠰᠤ ᠥᠭᠬᠦ ᠥᠬᠡᠶ᠂ ᠣᠯᠠᠨ ᠲᠦᠮᠡᠨ ᠳᠤ ᠶᠠᠷᠰᠢᠭ ᠲᠠᠲᠠᠬᠤ ᠥᠬᠡᠶ ᠪᠠᠶᠢᠬᠤ ᠶᠢᠨ ᠤᠷᠢᠲᠠᠯ ᠳᠣᠤᠷ᠎ᠠ᠂ ᠲᠣᠭᠯᠠᠯᠲᠠ ᠶᠢᠨ ᠠᠭᠤᠯᠭ᠎ᠠ ᠨᠢ ᠲᠥᠪ ᠴᠢᠬᠡᠴᠢ᠂ ᠣᠯᠠᠨ ᠲᠦᠮᠡᠨ ᠲᠠᠢ ᠣᠶᠢᠷᠠᠲᠤᠭᠰᠠᠨ᠂ ᠡᠷᠴᠢ ᠵᠣᠷᠢᠭ ᠢ ᠨᠢ ᠬᠥᠪᠴᠢᠯᠡᠭᠰᠡᠨ ᠪᠥᠭᠡᠳ ᠪᠠᠰᠠ ᠦᠵᠡᠵᠦ ᠰᠣᠨᠣᠰᠬᠤ ᠳᠤᠷᠠᠲᠠᠶ᠂ ᠠᠮᠢᠳᠤ ᠴᠣᠪᠣᠭᠤᠯᠢᠭ ᠪᠠᠶᠢᠬᠤ ᠶᠢ ᠦᠨᠡᠨ ᠬᠦ ᠪᠠᠲᠤᠯᠠᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠳᠡᠮᠵᠢᠯᠭᠡ ᠪᠠ ᠮᠠᠭᠲᠠᠭᠠᠯ ᠢ ᠤᠯᠪᠠ  ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号