ᠦᠬᠠᠶ ᠬᠤᠲᠠ ᠤᠯᠠᠭᠠᠨᠮᠥ᠋ᠴᠢᠷ ᠤᠨ ︽ᠪᠠᠶᠠᠰᠤᠯ ᠬᠦᠷᠭᠡᠬᠦ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ ᠦᠶᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠦᠬᠠᠶ ᠬᠤᠲᠠ ᠶᠢᠨ 2021 ᠣᠨ ᠤ ᠰᠣᠶᠣᠯ ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠬᠦᠷᠭᠡᠬᠦ︾ ᠵᠢᠱᠢᠶ᠎ᠡ ᠦᠵᠡᠭᠦᠯᠬᠦ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2021/11/27
     11 ᠳ᠋ᠦ᠋ᠭᠡᠷ ᠰᠠᠷ᠎ᠠ ᠶᠢᠨ 21 ᠤ ᠡᠳᠦᠷ᠂ ᠦᠬᠠᠶ ᠶᠢᠨ ᠤᠯᠠᠭᠠᠨᠮᠥ᠋ᠴᠢᠷ ᠤᠨ ︽ᠪᠠᠶᠠᠰᠤᠯ ᠬᠦᠷᠭᠡᠬᠦ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ ᠦᠶᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ ᠦᠬᠠᠶ ᠬᠤᠲᠠ ᠶᠢᠨ 2021 ᠣᠨ ᠤ ᠰᠣᠶᠣᠯ ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠬᠦᠷᠭᠡᠬᠦ ︾ ᠵᠢᠱᠢᠶ᠎ᠡ ᠦᠵᠡᠭᠦᠯᠬᠦ ᠠᠵᠢᠯᠯᠠᠭ᠎ᠠ ᠬᠠᠶᠢᠷᠤᠪ ᠤᠨ ᠲᠣᠬᠤᠶ ᠲᠣᠭᠤᠷᠢᠭ ᠤᠨ ᠴᠢᠶᠠᠨ ᠯᠢ ᠱᠠᠨ ᠪᠠᠯᠭᠠᠰᠤ ᠶᠢᠨ ᠲᠤᠸᠠᠨ ᠵᠢᠶᠧ ᠰᠢᠨ᠎ᠡ ᠲᠣᠰᠬᠤᠨ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠬᠠᠶ ᠬᠤᠲᠠ ᠶᠢᠨ ᠨᠣᠮ ᠤᠨ ᠰᠠᠩ ᠤᠨ ᠰᠠᠶᠢᠨ ᠳᠤᠷᠠᠴᠤᠳ ᠤᠬᠠᠭᠤᠯᠭ᠎ᠠ ᠶᠢᠨ  ᠵᠢᠷᠤᠭᠲᠤ ᠬᠠᠭᠤᠳᠠᠰᠤ ᠲᠠᠷᠬᠠᠭᠠᠬᠤ ᠪᠠ ᠦᠵᠡᠭᠦᠯᠭᠡ ᠶᠢᠨ ᠰᠠᠮᠪᠠᠷ᠎ᠠ ᠳᠡᠭᠡᠷ᠎ᠡ ᠳᠡᠯᠭᠡᠨ ᠦᠵᠡᠭᠦᠯᠬᠦ ᠬᠡᠯᠪᠡᠷᠢ ᠪᠠᠷ ᠲᠣᠰᠬᠤᠨ ᠤ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠪᠠᠲᠤᠯᠠᠭ᠎ᠠ ᠶᠢᠨ ᠬᠠᠤᠯᠢ︾ ᠶᠢ ᠤᠬᠠᠭᠤᠯᠵᠤ᠂ ᠨᠣᠮ ᠤᠨ ᠰᠠᠩ ᠤᠨ ︽ᠲᠠ ᠨᠣᠮ ᠰᠣᠩᠭᠤᠪᠠᠯ ᠪᠢ ᠲᠣᠭᠠᠴᠠᠭ᠎ᠠ ᠬᠢᠨ᠎ᠠ︾ ᠭᠡᠬᠦ ᠬᠤᠨ ᠭᠠᠯᠠᠭᠤ ᠤᠩᠰᠢᠯᠭ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠲᠠᠨᠢᠯᠴᠠᠭᠤᠯᠵᠤ᠂ ᠲᠣᠰᠬᠤᠨ ᠤ ᠠᠷᠠᠳ ᠲᠤ ᠳᠠᠷᠢᠵᠤ ᠲᠡᠵᠢᠭᠡᠬᠦ ᠲᠤᠬᠠᠶ ᠰᠤᠷᠤᠯᠴᠠᠬᠤ ᠮᠠᠲ᠋ᠧᠷᠢᠶᠠᠯ ᠬᠦᠷᠭᠡᠭᠰᠡᠨ ᠠᠴᠠ ᠭᠠᠳᠠᠨ᠎ᠠ ᠪᠠᠰᠠ ᠨᠠᠷᠢᠯᠢᠭ ᠰᠠᠶᠢᠬᠠᠨ ᠪᠡᠯᠡᠭ ᠪᠡᠯᠡᠳᠬᠡᠵᠡᠶ᠃      ᠲᠣᠰ ᠤᠳᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠨᠢ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠤ᠂ ᠨᠣᠮ ᠤᠨ ᠰᠠᠩ ᠡᠶᠢᠮᠦᠷᠬᠦᠦ ᠠᠵᠢᠯᠯᠠᠭ᠎ᠠ ᠶᠢ ᠢᠯᠡᠭᠦᠬᠡᠨ ᠡᠷᠭᠢᠯᠡᠵᠦ᠂ ᠮᠡᠳᠡᠯᠭᠡ ᠪᠠ ᠦᠶᠯᠡᠴᠢᠯᠡᠭᠡ ᠪᠠᠨ ᠬᠥᠳᠡᠭᠡ ᠲᠣᠰᠬᠤᠨ ᠳᠤ ᠬᠦᠷᠭᠡᠬᠦ ᠶᠢ ᠬᠦᠰᠡᠵᠦ ᠪᠠᠶᠢᠨ᠎ᠠ ᠭᠡᠵᠦ ᠲᠣᠰᠬᠤᠨ ᠤ ᠠᠷᠠᠳ ᠢᠯᠡᠷᠬᠡᠶᠢᠯᠡᠵᠡᠭᠡᠪᠡ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号