ᠨᠢᠩᠴᠧᠩ ᠰᠢᠶᠠᠨ ᠤ ᠤᠯᠠᠭᠠᠨᠮᠥ᠋ᠴᠢᠷ 《 ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ 》 ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/11/27
     ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ   ᠤᠨ《 ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ 》 ᠪᠠᠷ ᠭᠤᠤᠯ ᠰᠡᠳᠦᠪ ᠪᠣᠯᠭᠠᠵᠤ᠂ ᠦᠨᠳᠦᠰᠦᠨ ᠱᠠᠲᠤᠨ ᠳᠤ ᠬᠠᠨᠳᠤᠭᠤᠯᠤᠭᠰᠠᠨ 《 ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ 》 ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠣᠶᠢᠷ᠎ᠠ ᠳᠤ ᠨᠢᠩᠴᠧᠩ ᠰᠢᠶᠠᠨ ᠤ ᠤᠯᠠᠭᠠᠨᠮᠥ᠋ᠴᠢᠷ ᠬᠥᠳᠡᠭᠡ ᠲᠣᠰᠬᠤᠨ ᠳᠤ ᠬᠦᠷᠴᠦ 《 ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ 》 ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ  ᠃       ᠠᠵᠢᠯᠯᠠᠭᠠᠨ ᠳᠤ᠂ ᠰᠢᠶᠠᠨ ᠤ ᠤᠯᠠᠭᠠᠨᠮᠥ᠋ᠴᠢᠷ ᠤᠨ ᠭᠤᠷᠪᠠᠨ ᠰᠠᠯᠪᠤᠷᠢ ᠲᠤᠭᠤᠶᠢᠯᠠᠩ ᠤᠨ ᠭᠡᠰᠢᠭᠦᠳ  ᠭᠤᠶᠢᠲᠠ ᠰᠠᠶᠢᠬᠠᠨ ᠳᠠᠭᠤᠤ ᠪᠥᠵᠢᠭ᠂ ᠢᠷᠠᠭᠤ ᠤᠶᠠᠩᠭᠠᠯᠢᠭ ᠬᠥᠭᠵᠢᠮ ᠤᠨ ᠲᠤᠭᠯᠠᠯᠲᠠ᠂ ᠴᠢᠬᠢᠨ ᠳᠤ ᠬᠠᠳᠠᠩᠰᠢᠭᠰᠠᠨ ᠫᠢᠩᠵᠢᠦᠢ ᠵᠦᠴᠦᠭᠡ ᠶᠢᠨ ᠰᠤᠩᠭᠤᠮᠠᠯ ᠵᠡᠷᠭᠡ ᠣᠨᠴᠠᠯᠢᠭᠲᠤ ᠲᠤᠭᠯᠠᠯᠲᠠ ᠶᠢ ᠨᠤᠲᠤᠭ ᠤᠨ  ᠠᠬᠠᠰ ᠵᠠᠬᠠᠰ ᠲᠤ ᠪᠠᠨ ᠬᠦᠷᠭᠡᠵᠦ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠶᠢᠷ᠎ᠠ ᠬᠠᠯᠠᠮᠵᠢ ᠶᠢ ᠴᠠᠭ ᠲᠤᠬᠠᠶ ᠳᠤ ᠨᠢ ᠲᠡᠳᠡᠨ ᠳᠤ ᠬᠦᠷᠭᠡᠪᠡ  ᠃ ᠡᠭᠦᠨ ᠤ ᠬᠠᠮᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠭᠡᠰᠢᠭᠦᠳ ᠨᠢᠩᠴᠧᠩ ᠤᠨ《 ᠬᠤᠪᠢᠰᠬᠠᠯ ᠤᠨ ᠦᠯᠢᠭᠡᠷ 》 ᠢ ᠤᠯᠠᠨ ᠲᠦᠮᠡᠨ ᠳᠤ ᠪᠠᠨ ᠶᠠᠷᠢᠵᠤ ᠥᠭᠴᠦ᠂ 《 ᠬᠤᠪᠢᠰᠬᠠᠯ ᠤᠨ ᠦᠯᠢᠭᠡᠷ 》 ᠢ ᠰᠠᠶᠢᠨ ᠰᠠᠶᠢᠬᠠᠨ ᠠᠷᠠᠳ ᠤᠨ ᠰᠤᠷᠲᠠᠯ᠂ ᠨᠡᠶᠢᠭᠡᠮ ᠤᠨ ᠰᠤᠷᠲᠠᠯ᠂ ᠲᠣᠰᠬᠤᠨ ᠤ ᠰᠤᠷᠲᠠᠯ ᠢ ᠪᠤᠢ ᠪᠣᠯᠭᠠᠬᠤ ᠰᠢᠮ᠎ᠡ ᠲᠡᠵᠢᠭᠡᠯ ᠪᠤᠯᠭᠠᠭᠰᠠᠨ ᠪᠠᠶᠢᠨ᠎ᠠ᠃ ᠲᠣᠭᠯᠠᠯᠲᠠ ᠶᠢᠨ ᠠᠬᠤᠢ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠭᠤᠶᠢᠳᠠ ᠰᠠᠶᠢᠬᠠᠨ ᠪᠠᠶᠢᠯ᠎ᠠ  ᠃     ᠲᠣᠰ ᠤᠳᠠᠭᠠᠨ ᠤ 《 ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ 》 ᠦᠨᠳᠦᠰᠦᠨ ᠱᠠᠲᠤᠨ ᠤ ᠦᠶᠯᠡᠴᠢᠯᠡᠭᠡᠨ ᠤ ᠠᠵᠢᠯᠯᠠᠭ᠎ᠠ ᠨᠢ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠶᠯᠡᠴᠢᠯᠡᠬᠦ ᠴᠢᠳᠠᠮᠵᠢ ᠶᠢ ᠭᠦᠶᠴᠡᠳ ᠪᠠᠳᠠᠷᠠᠭᠤᠯᠵᠤ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠦᠨᠳᠦᠰᠦᠨ ᠱᠠᠲᠤᠨ ᠳᠤ ᠬᠦᠷᠭᠡᠵᠦ᠂ ᠣᠯᠠᠨ ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ ᠥᠭᠪᠡ  ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号