ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠯᠥᠪᠵᠢᠭᠦᠯᠭᠡ
ᠨᠡᠶᠢᠲᠡᠯᠡᠭᠰᠡᠨ ᠴᠠᠭ᠄
2021/11/27
     《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ 》 ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠣᠶᠣᠯ ᠪᠠ ᠵᠢᠭᠤᠯᠴᠢᠯᠠᠯ ᠤᠨ ᠶᠠᠮᠤᠨ ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠤᠷᠠᠯᠢᠭ ᠤᠨ ᠵᠣᠬᠢᠶᠠᠨ ᠪᠦᠲᠦᠭᠡᠬᠦ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ《 ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ 》 ᠤᠨ ᠱᠠᠭᠠᠷᠳᠠᠯᠭ᠎ᠠ ᠶᠣᠰᠣᠭᠠᠷ ᠂ ᠮᠠᠨ ᠤ ᠣᠷᠣᠨ ᠤ ᠲᠠᠶᠢᠰᠠᠨ ᠤ ᠤᠷᠠᠯᠢᠭ ᠤᠨ ᠦᠶᠯᠡᠰ ᠤᠨ ᠦᠷᠭᠦᠯᠵᠢᠯᠡᠨ ᠴᠡᠴᠡᠭᠯᠡᠨ ᠬᠥᠭᠵᠢᠬᠦ ᠶᠢ ᠠᠬᠢᠭᠤᠯᠬᠤ  ᠶᠢᠨ ᠲᠤᠰᠠᠳᠠ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠪᠠ᠃ ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠪᠠ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠤᠯᠭᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠦᠨᠳᠦᠰᠦ ᠰᠤᠷᠪᠤᠯᠵᠢ  ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ  ᠪᠤᠯᠭᠠᠨ᠂ ᠤᠯᠤᠰ ᠲᠥᠷᠥ ᠶᠢᠨ ᠴᠢᠭᠯᠡᠯ ᠪᠠ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠤᠭᠴᠠᠯᠠᠨ ᠂ ᠨᠢᠭᠡ ᠪᠦᠯᠦᠭ《 ᠳᠤᠮᠳᠠᠳᠤ ᠶᠢᠨ ᠵᠡᠭᠦᠳᠦ 》 ᠰᠡᠳᠦᠪ᠂  ᠪᠣᠳᠠᠲᠤ ᠠᠬᠤᠢ ᠶᠢᠨ ᠰᠡᠳᠦᠪ᠂ ᠡᠬᠡ ᠣᠷᠣᠨᠴᠢ ᠦᠵᠡᠯ ᠪᠠ ᠬᠤᠪᠢᠰᠬᠠᠯ ᠤᠨ ᠲᠡᠦᠬᠡᠨ ᠰᠡᠳᠦᠪ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠡᠳᠦᠪ ᠵᠡᠷᠭᠡ ᠢᠳᠡᠪᠬᠢ ᠬᠦᠴᠦᠨ ᠢ ᠳᠠᠮᠵᠢᠭᠤᠯᠬᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠭᠤᠤᠯᠳᠠᠯᠭ᠎ᠠ ᠲᠠᠢ ᠭᠤᠤᠯ ᠰᠡᠳᠦᠪᠲᠦ ᠤᠷᠠᠯᠢᠭ ᠤᠨ ᠰᠣᠳᠣᠨ ᠪᠦᠲᠦᠭᠡᠯ  ᠢ ᠵᠣᠬᠢᠶᠠᠨ ᠪᠥᠲᠦᠭᠡᠵᠦ᠂ ᠨᠢᠭᠡ ᠪᠦᠯᠦᠭ ᠤᠷᠠᠯᠢᠭ ᠤᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ᠂ ᠠᠷᠠᠳ ᠣᠯᠠᠨ ᠤ ᠨᠠᠩ ᠲᠡᠭᠦᠯᠳᠡᠷ᠂ ᠨᠠᠩ ᠪᠠᠶᠠᠯᠢᠭ᠂ ᠨᠡᠩ ᠴᠢᠨᠠᠷᠯᠢᠭ ᠤᠶᠤᠨ ᠤ ᠪᠠ ᠰᠣᠶᠣᠯ ᠤᠨ ᠠᠮᠢᠳᠤᠷᠠᠯ ᠢ ᠡᠳ᠋ᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠬᠤᠶᠠᠷ᠂ ᠦᠨᠳᠦᠰᠦᠨ ᠵᠠᠷᠴᠢᠮ      ᠨᠠᠮ ᠤᠨ ᠤᠳᠬ᠎ᠠ ᠤᠷᠠᠯᠢᠭ ᠤᠨ ᠠᠵᠢᠯ ᠳᠤ ᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃      ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃      ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠎ᠠ᠃      ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃      ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃      ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠨ᠎ᠠ᠃ ᠭᠤᠷᠪᠠ᠂ ᠬᠥᠭᠵᠢᠯᠲᠡ ᠶᠢᠨ ᠬᠠᠷᠠᠯᠲᠠ      ᠠᠯᠢ ᠣᠯᠠᠨ ᠰᠢᠨ᠎ᠡ ᠶᠢ ᠡᠭᠦᠳᠦᠭᠰᠡᠨ ᠤᠷᠠᠯᠢᠭ ᠤᠨ ᠰᠢᠯᠢᠳᠡᠭ ᠪᠦᠲᠦᠭᠡᠯ ᠴᠣᠯᠭᠤᠷᠠᠨ ᠭᠠᠷᠬᠤ ᠲᠥᠷᠥ ᠶᠢᠨ ᠪᠣᠳᠣᠯᠭ᠎ᠠ᠂ ᠲᠦᠷᠢᠮ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠦᠲᠦᠭᠡᠭᠴᠢ ᠶᠢᠨ ᠵᠣᠬᠢᠶᠠᠨ ᠪᠦᠲᠦᠭᠡᠬᠦ ᠤᠷᠮ᠎ᠠ ᠵᠣᠷᠢᠭ   ᠢ ᠦᠷᠭᠦᠯᠵᠢᠯᠡᠨ ᠪᠠᠳᠠᠷᠠᠭᠤᠯᠵᠤ᠂ ᠵᠣᠬᠢᠶᠠᠨ ᠪᠦᠲᠦᠭᠡᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ︔ ᠮᠣᠷᠠᠯ ᠤᠷᠠᠯᠢᠭ ᠬᠤᠣᠰᠯᠠᠭᠰᠠᠨ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠤᠷᠠᠯᠢᠭ ᠤᠨ ᠰᠢᠯᠢᠳᠡᠭ ᠴᠢᠳᠠᠪᠤᠷᠢᠲᠠᠨ ᠪᠣᠯᠤᠨ ᠤᠷᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠮᠠᠶ᠋ᠢᠭ  ᠤᠨ ᠴᠢᠳᠠᠪᠤᠷᠢᠲᠠᠨ ᠢ ᠬᠥᠮᠦᠵᠢᠭᠦᠯᠦᠨ ᠪᠣᠶᠢᠵᠢᠭᠤᠯᠵᠤ᠂ ᠲᠡᠰ ᠳᠠᠪᠬᠤᠷᠭ᠎ᠠ ᠨᠢ ᠨᠡᠩ ᠲᠣᠳᠣᠷᠬᠠᠢ᠂ ᠲᠤᠰᠬᠠᠢ ᠮᠡᠷᠭᠡᠵᠢᠯ ᠨᠢ ᠨᠡᠩ ᠪᠦᠷᠢᠨ ᠲᠦᠬᠦᠷ ᠴᠢᠳᠠᠪᠤᠷᠢᠲᠠᠨ ᠤ ᠰᠢᠰᠲ᠋ᠧᠮ ᠢ ᠪᠦᠷᠢᠯᠳᠦᠭᠦᠯᠦᠨ᠎ᠡ︔ ᠨᠡᠩ ᠰᠢᠨᠵᠢᠯᠡᠬᠦ ᠤᠬᠠᠭᠠᠨᠴᠢ ᠤᠷᠠᠯᠢᠭ ᠤᠨ ᠦᠨᠡᠯᠡᠯᠲᠡ ᠶᠢᠨ ᠰᠢᠰᠲ᠋ᠧᠮ ᠪᠠ ᠤᠷᠠᠯᠢᠭ ᠤᠨ ᠰᠢᠭᠦᠮᠵᠢ ᠶᠢᠨ ᠲᠦᠷᠢᠮ ᠢ ᠪᠠᠶᠢᠭᠤᠯᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢ ᠵᠢᠯᠣᠭᠤᠳᠬᠤ ᠳᠤ ᠨᠡᠩ ᠡᠷᠬᠡ ᠰᠦᠷ ᠲᠠᠢ᠂ ᠨᠡᠩ ᠲᠤᠰᠬᠠᠢ ᠮᠡᠷᠭᠡᠵᠢᠯ  ᠲᠠᠢ ᠪᠣᠯᠭᠠᠨ᠎ᠠ︔ ᠴᠠᠭ ᠦᠶ᠎ᠡ ᠶᠢᠨ ᠬᠢᠷᠢ ᠲᠦᠪᠰᠢᠨ ᠪᠠ ᠣᠷᠣᠨ ᠨᠤᠲᠤᠭ ᠤᠨ ᠣᠨᠴᠠᠯᠢᠭ ᠢ ᠢᠯᠡᠷᠡᠭᠦᠯᠦᠭᠰᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠥᠯᠥᠭᠡᠯᠡᠬᠦ ᠬᠦᠴᠦᠨ ᠲᠠᠢ ᠨᠢᠭᠡ ᠪᠦᠯᠦᠭ ᠰᠢᠯᠢᠳᠡᠭ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠯᠤᠰ ᠤᠨ《 ᠸᠧᠨ ᠬᠤᠸᠠ ᠱᠠᠩᠨᠠᠯ 》᠂《 ᠲᠠᠪᠤᠨ ᠨᠢᠭᠡ ᠢᠨᠵᠧᠨᠧᠷᠢᠩ  ᠤᠨ ᠱᠠᠩᠨᠠᠯ 》᠂《 ᠤᠯᠤᠰ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ 》᠂《 ᠤᠯᠤᠰ ᠤᠨ ᠤᠷᠠᠯᠢᠭ ᠤᠨ ᠰᠠᠭᠤᠷᠢ ᠮᠥᠩᠭᠦ 》 ᠵᠡᠷᠭᠡ ᠪᠥᠬᠦ ᠤᠯᠤᠰ ᠤᠨ ᠴᠢᠨᠠᠷᠲᠠᠶ  ᠤᠷᠠᠯᠢᠭ ᠤᠨ ᠴᠢᠬᠤᠯᠠ ᠰᠢᠯᠭᠠᠷᠠᠭᠤᠯᠤᠯᠲᠠ᠂ ᠦᠨᠡᠯᠡᠯᠲᠡ᠂ ᠤᠷᠤᠯᠳᠤᠭᠠᠨ ᠳᠤ ᠳᠠᠬᠢᠨᠲᠠ ᠰᠢᠯᠢᠳᠡᠭ ᠠᠮᠵᠢᠯᠲᠠ ᠣᠯᠵᠤ᠂  ᠪᠠᠷᠠᠭᠤᠨ ᠬᠡᠰᠡᠭ ᠪᠠ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠡᠮᠦᠨ᠎ᠡ ᠡᠩᠨᠡᠭᠡᠨ ᠳᠤ ᠣᠷᠣᠬᠤ ᠶᠢ ᠠᠬᠢᠭᠤᠯᠤᠨ᠂ ᠮᠠᠨ ᠤ ᠣᠷᠣᠨ ᠤ ᠤᠷᠠᠯᠢᠭ ᠤᠨ《 ᠥᠨᠳᠦᠷᠯᠢᠭ 》 ᠠᠴᠠ《 ᠣᠷᠭᠢᠯ 》ᠲᠡᠶᠢᠰᠢ ᠳᠠᠪᠰᠢᠬᠤ ᠳᠠᠪᠠᠯᠲᠠ ᠶᠢ ᠪᠡᠶᠡᠯᠡᠭᠦᠯᠦᠨ᠎ᠡ᠃ ᠳᠥᠷᠪᠡ᠂ ᠵᠣᠬᠢᠶᠠᠨ ᠪᠦᠲᠦᠭᠡᠯᠭᠡ ᠶᠢᠨ ᠭᠤᠣᠯ ᠰᠡᠳᠦᠪ        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠤᠨ ᠰᠢᠨ᠎ᠡ ᠠᠶᠠᠯᠠᠯ  ᠢ ᠪᠦᠬᠦ ᠲᠠᠯ᠎ᠠ ᠪᠠᠷ ᠡᠬᠢᠯᠡᠬᠦᠯᠦᠭᠰᠡᠨ᠂ ᠨᠠᠮ ᠤᠨ ᠬᠤᠷᠢᠳᠤᠭᠠᠷ ᠶᠡᠭᠡ ᠬᠤᠷᠠᠯ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠭᠰᠡᠨ ᠳᠠᠶᠢᠨ ᠢᠯᠠᠯᠲᠠ ᠣᠯᠤᠭᠰᠠᠨ 80 ᠵᠢᠯ ᠤᠨ ᠣᠶ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠶᠢᠨ ᠲᠣᠭᠤᠷᠢᠨ ᠳᠤ᠂ ᠠᠬᠤᠶᠢᠴᠢ ᠰᠡᠳᠦᠪᠲᠦ ᠵᠣᠬᠢᠶᠠᠨ ᠪᠦᠲᠦᠭᠡᠯᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠵᠡᠷᠭᠡ ᠲᠣᠭᠤᠷᠢᠨ ᠳᠤ ᠵᠣᠬᠢᠶᠠᠨ ᠪᠦᠲᠦᠭᠡᠯᠭᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ᠂ ᠭᠤᠣᠯᠳᠠᠯᠭ᠎ᠠ ᠲᠠᠢ ᠰᠡᠳᠦᠪ ᠢ ᠰᠢᠯᠢᠨ ᠰᠣᠩᠭᠤᠵᠤ᠂ ᠪᠦᠬᠦ ᠣᠷᠣᠨ ᠤ ᠡᠯ᠎ᠡ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ᠂ ᠶᠡᠭᠡ ᠳᠡᠭᠡᠳᠦ ᠰᠤᠷᠭᠠᠭᠤᠯᠢ ᠪᠣᠯᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠨᠢᠭᠡ ᠪᠦᠯᠦᠭ ᠰᠣᠳᠣᠨ ᠪᠦᠲᠦᠭᠡᠯ ᠢ ᠵᠣᠬᠢᠶᠠᠨ ᠪᠥᠲᠦᠭᠡᠨ᠎ᠡ᠃      — ᠨᠠᠮ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠶ᠎ᠡ ᠳᠤ ᠪᠦᠷᠢᠯᠳᠦᠭᠰᠡᠨ ᠴᠢᠬᠤᠯᠠ ᠵᠣᠷᠢᠭ ᠰᠠᠨᠠᠭ᠎ᠠ        — ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠴᠢᠬᠤᠯᠠ ᠪᠠᠶᠢᠷᠢᠯᠠᠭᠤᠯᠤᠯᠲᠠ        — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤᠲᠠᠪᠤ᠂ ᠭᠤᠤᠯᠳᠠᠯᠭᠠᠲᠤ ᠡᠭᠦᠷᠭᠡ      ( ᠨᠢᠭᠡ )《 ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠢ ᠬᠠᠯᠠᠮᠵᠢᠯᠠᠬᠤ 》 ᠭᠤᠤᠯ ᠰᠡᠳᠦᠪᠲᠦ ᠦᠶᠯᠡᠳᠦᠯᠭᠡ ᠶᠢᠨ ᠠᠵᠢᠯᠯᠠᠭ᠎ᠠ ᠶᠢ ᠠᠬᠢᠭᠤᠯᠤᠨ᠎ᠠ᠃      ( ᠬᠤᠶᠠᠷ ) ᠰᠢᠨ᠎ᠡ ᠴᠠᠭ ᠦᠶ᠎ᠡ ᠶᠢᠨ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠰᠠᠶᠢᠲᠤᠷ ᠠᠳᠬᠤᠨ᠎ᠠ᠃      ( ᠭᠤᠷᠪᠠ ) ᠥᠪᠥᠷ ᠮᠣᠩᠭᠤᠯ ᠤᠨ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃      ( ᠳᠥᠷᠪᠡ ) ᠤᠯᠠᠭᠠᠨᠮᠥ᠋ᠴᠢᠷ ᠤᠨ ᠵᠣᠬᠢᠶᠠᠨ ᠪᠦᠲᠦᠭᠡᠯᠭᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃      ( ᠲᠠᠪᠤ ) ᠤᠷᠠᠯᠢᠭ ᠤᠨ ᠵᠣᠬᠢᠶᠠᠨ ᠪᠦᠲᠦᠭᠡᠬᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃      ( ᠵᠢᠷᠭᠤᠭ᠎ᠠ ) ᠤᠷᠠᠯᠢᠭ ᠤᠨ ᠤᠨᠤᠯ ᠤᠨ ᠰᠤᠳᠤᠯᠭᠠᠨ ᠪᠠ ᠤᠷᠠᠯᠢᠭ ᠤᠨ ᠰᠢᠭᠦᠮᠵᠢ ᠶᠢ ᠴᠢᠩᠭᠠᠳᠬᠠᠨ᠎ᠠ᠃      ( ᠳᠣᠯᠤᠭ᠎ᠠ ) ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ( ᠨᠢᠭᠡ ) ᠵᠣᠬᠢᠶᠠᠨ ᠪᠠᠶᠢᠭᠤᠯᠤᠯᠲᠠ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃      ( ᠬᠤᠶᠠᠷ ) ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃      ( ᠭᠤᠷᠪᠠ ) ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号