ᠭᠡᠭᠡᠨ ᠭᠤᠤᠯ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠶᠯ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/11/5
     ᠲᠦᠷᠦᠭᠦᠬᠡᠨ᠂ ᠭᠡᠭᠡᠡ ᠭᠤᠣᠯ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠭᠡᠭᠡᠡ ᠭᠤᠣᠯ ᠬᠤᠲᠠ ᠶᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠭᠡᠭᠡᠡ ᠭᠤᠣᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠵᠢᠤᠸᠠᠨ ᠪᠦᠯᠬᠦᠮ ᠳᠠᠭᠠᠭᠤᠯᠵᠤ᠂ ᠤᠷᠢᠳ ᠬᠤᠵᠢᠳ ᠭᠡᠭᠡᠡ ᠭᠤᠣᠯ ᠬᠤᠲᠠ ᠶᠢᠨ ᠤᠯᠠᠭᠠᠨᠮᠥ᠋ᠴᠢᠷ ᠤᠨ ᠪᠠᠷᠢᠮᠵᠢᠶᠠᠵᠢᠭᠰᠠᠨ ᠪᠦᠲᠦᠭᠡᠡ ᠪᠠᠶᠢᠭᠤᠯᠤᠯᠲᠠ ᠶᠢᠨ ᠲᠦᠷᠦᠯ ᠵᠦᠢᠯ᠂ ᠭᠡᠭᠡᠡ ᠭᠤᠣᠯ ᠬᠤᠲᠠ ᠶᠢᠨ ᠣᠯᠭᠤᠶᠠ ᠶᠢᠨ ᠤᠯᠠᠮᠵᠢᠯᠠᠯᠲᠤ ᠪᠤᠭᠤ ᠰᠤᠷᠭᠠᠬᠤ ᠵᠠᠩ ᠦᠢᠯᠡ ᠶᠢᠨ ᠦᠵᠡᠭᠦᠯᠭᠡ ᠶᠢᠨ ᠲᠣᠭᠯᠠᠯᠲᠠ ᠶᠢᠨ ᠲᠥᠪ ᠵᠢᠴᠢ ᠭᠡᠭᠡᠡ ᠭᠤᠣᠯ ᠬᠤᠲᠠ ᠶᠢᠨ ᠨᠣᠮ ᠤᠨ ᠰᠠᠩ ᠳᠤ ᠪᠠᠶᠢᠴᠠᠭᠠᠨ ᠰᠤᠳᠤᠯᠤᠯᠲᠠ ᠬᠢᠵᠡᠢ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠭᠤᠤᠯᠳᠠᠭᠤ ᠣᠶᠢᠷ᠎ᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠦᠶᠯᠡᠰ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠵᠢᠴᠢ ᠨᠣᠮ ᠤᠨ ᠰᠠᠩ ᠤᠨ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠭᠰᠡᠨ ᠪᠠᠶᠢᠳᠠᠯ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠭᠡᠭᠡᠨ ᠭᠤᠤᠯ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠬᠤᠯᠪᠣᠭᠳᠠᠯ ᠪᠥᠬᠦᠶ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠂ ᠰᠦᠨ ᠵᠢᠤᠸᠠᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠲᠥᠷᠥᠯ ᠵᠦᠶᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠭᠤᠤᠯᠳᠠᠯᠭ᠎ᠠ ᠲᠠᠢ ᠲᠠᠯᠠᠪᠤᠷ ᠭᠠᠵᠠᠷ ᠵᠢᠴᠢ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠭᠤᠤᠯ ᠴᠣᠭᠴᠠ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠴᠢᠩᠭ᠎ᠠ ᠨᠢᠮᠪᠠᠶ ᠪᠣᠳᠠᠲᠠᠶ ᠰᠠᠶᠢᠲᠤᠷ ᠠᠳᠬᠤᠵᠤ᠂ ᠪᠥᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠬᠠᠨᠳᠤᠰᠢ ᠶᠢ ᠡᠷᠡᠰ ᠬᠤᠷᠢᠭᠯᠠᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠤᠰᠠᠳᠬᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠡᠭᠦᠨ ᠤ ᠬᠠᠮᠲᠤ᠂ ᠪᠠᠶᠢᠴᠠᠭᠠᠨ ᠰᠤᠳᠤᠯᠬᠤ ᠳᠤᠭᠤᠶᠢᠯᠠᠩ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠢᠨᠵᠧᠨᠧᠷᠢᠩ ᠤᠨ ᠲᠣᠶᠢᠮᠣ ᠪᠠᠶᠢᠳᠠᠯ᠂ ᠲᠥᠷᠥᠯ ᠵᠦᠶᠯ ᠤᠨ ᠠᠬᠢᠴᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠣᠶᠢᠯᠠᠭᠠᠵᠤ᠂ ᠬᠠᠨᠳᠤᠯᠭᠠᠲᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠥᠭᠡᠳ ᠵᠢᠭᠠᠵᠤ ᠭᠠᠷᠭᠠᠭᠰᠠᠨ ᠨᠢ᠄ ᠶᠠᠰᠤ ᠴᠢᠨᠠᠷ ᠵᠢᠴᠢ ᠠᠶᠤᠯ ᠥᠬᠡᠶ ᠦᠶᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠶᠯ ᠤᠨ ᠠᠬᠢᠴᠠ ᠶᠢ ᠴᠢᠩᠭ᠎ᠠ ᠠᠳᠬᠤᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠢᠵᠢ ᠪᠥᠷᠢᠳᠦᠭᠰᠡᠨ ᠲᠥᠬᠦᠭᠡᠷᠦᠮᠵᠢ ᠶᠢᠨ ᠤᠯᠠᠮ ᠨᠢᠭᠡ ᠠᠯᠬᠤᠮ ᠲᠡᠭᠦᠯᠳᠡᠷᠵᠢᠬᠦ ᠶᠢ ᠠᠬᠢᠭᠤᠯᠬᠤ ᠬᠡᠷᠡᠭᠲᠡᠶ᠃ ᠡᠭᠦᠨ  ᠤ ᠬᠠᠮᠲᠤ᠂ ᠰᠣᠶᠣᠯ ᠤᠨ ᠣᠷᠳᠣᠨ᠂ ᠤᠯᠠᠭᠠᠨᠮᠥ᠋ᠴᠢᠷ ᠤᠨ ᠬᠢᠨ ᠤ ᠤᠤᠯ ᠪᠦᠲᠦᠭᠡᠯ ᠤᠨ ᠰᠢᠨ᠎ᠡ ᠶᠢ ᠡᠭᠦᠳᠬᠦ᠂ ᠣᠯᠠᠨ ᠲᠦᠮᠡᠨ ᠤ ᠰᠣᠶᠣᠯ ᠤᠨ ᠠᠭᠤᠯᠭ᠎ᠠ ᠶᠢ ᠪᠠᠶᠠᠯᠢᠭᠵᠢᠭᠤᠯᠬᠤ ᠵᠡᠷᠭᠡ ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠭᠡᠨ ᠭᠤᠤᠯ ᠬᠤᠲᠠ ᠶᠢᠨ ᠷᠢᠳᠢ ᠰᠢᠳᠢ ᠶᠢ ᠳᠡᠭᠡᠭᠰᠢᠯᠡᠭᠦᠯᠦᠨ᠂ ᠭᠡᠭᠡᠨ ᠭᠤᠤᠯ ᠬᠤᠲᠠ ᠶᠢᠨ ᠰᠣᠶᠣᠯ ᠤᠨ ᠠᠭᠤᠯᠤᠭᠳᠠᠬᠤᠨ ᠢ ᠨᠡᠮᠡᠭᠳᠡᠭᠦᠯᠵᠦ᠂ ᠭᠡᠭᠡᠨ ᠭᠤᠤᠯ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠭᠡᠭᠡᠨ ᠭᠤᠤᠯ ᠬᠤᠲᠠ ᠶᠢᠨ ᠨᠣᠮ ᠤᠨ ᠰᠠᠩ ᠤᠨ ᠨᠡᠭᠡᠭᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠄ ᠨᠣᠮ ᠤᠨ ᠰᠠᠩ ᠨᠢ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠬᠠᠩᠭᠠᠬᠤ ᠴᠢᠬᠤᠯᠠ ᠦᠶᠯᠡᠳᠦᠯ᠂ ᠨᠡᠶᠢᠭᠡᠮ ᠤᠨ ᠰᠣᠶᠣᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠬᠢ ᠥᠪᠡᠷᠮᠢᠴᠡ ᠦᠨ᠎ᠡ ᠥᠷᠲᠡᠭ ᠲᠠᠢ ᠪᠠᠶᠢᠵᠤ᠂ ᠮᠡᠳᠡᠯᠭᠡ ᠶᠢᠨ ᠰᠣᠯᠢᠯᠴᠠᠭ᠎ᠠ ᠬᠢᠭᠡᠳ ᠳᠠᠮᠵᠢᠭᠤᠯᠭ᠎ᠠ ᠶᠢᠨ ᠲᠠᠯ᠎ᠠ ᠪᠠᠷ ᠬᠢ ᠦᠶᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃ ᠨᠣᠮ ᠤᠨ ᠰᠠᠩ ᠢ ᠴᠢᠯᠥᠭᠡᠲᠡᠶ ᠨᠡᠭᠡᠭᠡᠬᠦ ᠳᠤ ᠬᠡᠷᠡᠭᠰᠡᠬᠦ ᠡᠯ᠎ᠡ ᠵᠦᠶᠯ ᠤᠨ ᠠᠵᠢᠯ ᠤᠨ ᠠᠭᠤᠯᠭ᠎ᠠ ᠶᠢ ᠬᠢᠨᠠᠮᠠᠭᠠᠶ ᠡᠮᠬᠢᠯᠡᠨ ᠨᠠᠷᠢᠯᠢᠭᠵᠢᠭᠤᠯᠵᠤ᠂ ᠳᠡᠭᠡᠳᠦ ᠱᠠᠲᠤᠨ ᠠᠴᠠ ᠨᠣᠮ ᠤᠨ ᠰᠠᠩ ᠢ ᠴᠢᠯᠥᠭᠡᠲᠡᠶ ᠨᠡᠭᠡᠭᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠣᠮ ᠤᠨ ᠰᠠᠩ ᠢ ᠴᠢᠯᠥᠭᠡᠲᠡᠶ ᠨᠡᠭᠡᠭᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠬᠥᠯᠥᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号