ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠪᠤᠨ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠠᠪᠴᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠦᠷᠢᠵᠢᠭᠤᠯᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2021/11/5
     ᠣᠶᠢᠷ᠎ᠠ ᠳᠤ᠂ ᠣᠷᠣᠨ ᠤ ᠳᠣᠲᠣᠨ᠎ᠠ ᠭᠠᠳᠠᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭ᠎ᠠ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠦᠳᠲᠡᠷ ᠲᠦᠷᠭᠡᠨ ᠡᠷᠡᠰ ᠰᠢᠭᠤᠷᠬᠠᠶ ᠪᠠᠷ ᠲᠠᠪᠤᠨ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠠᠪᠴᠤ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ  ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ  ᠃      ᠨᠢᠭᠡ ᠳᠤ᠂ ᠦᠳᠲᠡᠷ ᠲᠦᠷᠭᠡᠨ ᠲᠤᠬᠢᠷᠠᠭᠤᠯᠤᠨ ᠪᠠᠶᠢᠷᠢᠯᠠᠭᠤᠯᠪᠠ᠃ ᠪᠥᠬᠦ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ 3 ᠤᠳᠠᠭ᠎ᠠ ᠬᠤᠷᠠᠯᠳᠤᠭᠤᠯᠵᠤ᠂ ᠲᠡᠷᠡ ᠳᠠᠷᠤᠶ ᠳᠤ ᠨᠢ ᠵᠣᠬᠢᠶᠠᠨ ᠪᠠᠶᠢᠭᠤᠯᠵᠤ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠲᠠ ᠶᠢᠨ ᠵᠢᠭᠤᠯᠴᠢᠯᠠᠯ ᠤᠨ ᠭᠠᠵᠠᠷ᠂ A ᠲᠠᠰ  ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠰᠦᠯᠵᠢᠶᠡᠨ ᠤ ᠪᠠᠭᠠᠷ᠂ ᠲᠣᠮᠣ ᠬᠡᠯᠪᠡᠷᠢ  ᠶᠢᠨ ᠲᠣᠭᠯᠠᠯᠲᠠ᠂ ᠤᠷᠠᠯᠢᠭ ᠤᠨ ᠰᠤᠷᠭᠠᠭᠤᠯᠢ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ  ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠪᠠ᠃      ᠬᠤᠶᠠᠷ ᠲᠤ᠂ ᠠᠵᠢᠯ ᠤᠨ ᠲᠠᠯ᠎ᠠ ᠪᠠᠷ ᠭᠦᠨᠵᠡᠭᠡᠶ ᠤᠶᠢᠯᠠᠭᠠᠪᠠ᠃ ᠪᠥᠬᠦ ᠬᠤᠲᠠ ᠶᠢᠨ ᠦᠵᠡᠮᠵᠢ ᠶᠢᠨ ᠣᠷᠣᠨ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠦᠯᠵᠢᠶᠡᠨ ᠤ ᠪᠠᠭᠠᠷ ᠵᠡᠷᠭᠡ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠨᠢᠭᠡᠴᠢ ᠶᠢᠨ ᠡᠵᠡᠩᠨᠡᠯᠲᠡ  ᠶᠢ ᠬᠠᠭᠠᠵᠤ ᠵᠣᠭᠰᠣᠭᠠᠭᠰᠠᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠵᠡᠷᠭᠡ ᠶᠢ ᠨᠠᠷᠢᠨ ᠲᠣᠳᠣᠷᠬᠠᠶ ᠣᠶᠢᠯᠠᠭᠠᠵᠤ᠂ ᠠᠵᠢᠯ ᠤᠨ ᠨᠠᠷᠢᠨ ᠲᠠᠩᠰᠠ ᠶᠢᠨ ᠡᠬᠡ ᠲᠠᠩᠰᠠ ᠪᠠᠶᠢᠭᠤᠯᠵᠤ᠂ ᠡᠭᠦᠷᠭᠡ ᠶᠢᠨ ᠬᠠᠷᠠᠯᠲᠠ ᠲᠣᠳᠣᠷᠬᠠᠶ᠂ ᠰᠠᠭᠤᠷᠢ ᠲᠤᠭ᠎ᠠ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠪᠠ᠃      ᠭᠤᠷᠪᠠ ᠳᠤ᠂ ᠥᠷᠭᠡᠨ ᠢᠶᠠᠷ ᠤᠬᠠᠭᠤᠯᠵᠤ ᠬᠥᠲᠥᠯᠥᠨ ᠵᠢᠯᠤᠭᠤᠳᠪᠠ᠃ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠤᠭᠤᠲᠤ ᠬᠤᠲᠠ  ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠠᠨᠠᠭᠤᠯᠤᠮᠵᠢ︾ ᠶᠢ ᠲᠣᠭᠲᠠᠭᠠᠵᠤ᠂ ᠪᠤᠭᠤᠲᠤ  ᠶᠢᠨ ᠡᠳᠦᠷ ᠤᠨ ᠰᠣᠨᠢᠨ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠢ ᠠᠰᠢᠭᠯᠠᠵᠤ ᠵᠢᠭᠤᠯᠴᠢᠯᠠᠬᠤ ᠂ ᠬᠤᠪᠢ ᠬᠥᠮᠦᠨ ᠤ ᠬᠠᠮᠠᠭᠠᠯᠠᠯᠲᠠ᠂ ᠰᠡᠷᠭᠡᠶᠢᠯᠡᠨ ᠡᠵᠡᠮᠳᠡᠬᠦ ᠲᠣᠭᠲᠠᠭᠠᠯ ᠢ ᠬᠡᠷᠡᠭᠵᠢᠭᠦᠯᠬᠦ᠂ ᠲᠣᠮᠣ ᠬᠡᠯᠪᠡᠷᠢ ᠶᠢᠨ ᠬᠤᠷᠠᠯ ᠤᠨ ᠠᠵᠢᠯᠯᠠᠭ᠎ᠠ ᠶᠢ ᠴᠢᠩᠭ᠎ᠠ ᠡᠵᠡᠮᠳᠡᠬᠦ ᠵᠡᠷᠭᠡ ᠵᠢᠷᠭᠤᠭᠠᠨ ᠲᠠᠯ᠎ᠠ ᠠᠴᠠ ᠣᠯᠠᠨ ᠲᠦᠮᠡᠨ ᠳᠤ ᠤᠬᠠᠭᠤᠯᠤᠨ ᠰᠠᠨᠠᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠵᠢᠯᠣᠭᠤᠳᠣᠯᠭ᠎ᠠ ᠶᠢ ᠶᠡᠭᠡ ᠪᠠᠷ ᠰᠠᠶᠢᠲᠤᠷ ᠬᠢᠵᠦ᠂ ᠥᠷᠭᠡᠨ ᠣᠯᠠᠨ ᠬᠤᠲᠠ ᠶᠢᠨ ᠠᠷᠠᠳ ᠪᠣᠯᠤᠨ ᠵᠢᠭᠤᠯᠴᠢᠯᠠᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠪᠠ᠃      ᠳᠥᠷᠪᠡ ᠳᠤ᠂ ᠬᠢᠵᠢᠭ ᠤᠨ ᠪᠠᠶᠢᠳᠠᠯ ᠢ ᠮᠡᠳᠡᠭᠦᠯᠬᠦ ᠲᠣᠭᠲᠠᠴᠠ ᠶᠢ ᠪᠠᠶᠢᠭᠤᠯᠪᠠ᠃ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳᠦᠷ ᠤᠨ ᠮᠡᠳᠡᠭᠦᠯᠦᠯᠲᠡ ᠶᠢᠨ ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠦᠶᠯᠡᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠡᠳᠦᠷ ᠪᠦᠷᠢ ᠪᠦᠷᠢᠳᠬᠡᠨ ᠬᠤᠷᠢᠶᠠᠩᠭᠤᠶᠢᠯᠠᠵᠤ ᠂ ᠴᠠᠭ ᠲᠤᠬᠠᠶ ᠳᠤ ᠨᠢ ᠵᠠᠳᠠᠯᠤᠨ ᠰᠤᠳᠤᠯᠵᠤ᠂ ᠡᠯ᠎ᠡ ᠵᠦᠶᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ  ᠃      ᠲᠠᠪᠤ ᠳᠤ᠂ ᠲᠤᠬᠠᠶ ᠶᠢᠨ ᠭᠠᠵᠠᠷ ᠲᠤ ᠨᠢ ᠬᠢᠨᠠᠨ ᠵᠢᠯᠣᠭᠤᠳᠬᠤ ᠶᠢ ᠭᠦᠨᠵᠡᠭᠡᠶ ᠦᠷᠨᠢᠭᠦᠯᠪᠡ᠃ ᠲᠣᠪᠴᠢᠶ᠎ᠠ  ᠶᠢᠨ ᠤᠳᠤᠷᠢᠳᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠭᠠᠭᠠᠴᠢᠯᠠᠨ ᠬᠤᠯᠪᠣᠭᠠᠯᠠᠬᠤ ᠠᠵᠢᠯ  ᠤᠨ ᠲᠣᠭᠲᠠᠴᠠ ᠶᠢ ᠪᠠᠶᠢᠭᠤᠯᠵᠤ᠂ ︽ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠲᠥᠰᠦᠯ︾᠂ ︽ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠱᠠᠯᠠᠪᠳᠠᠭᠤᠯᠤᠨ ᠵᠢᠯᠣᠭᠤᠳᠬᠤ ᠬᠡᠷᠡᠭᠵᠢᠭᠦᠯᠦᠯᠲᠡ  ᠶᠢᠨ ᠲᠥᠰᠦᠯ︾ ᠵᠡᠷᠭᠡ ᠶᠢ ᠲᠣᠭᠲᠠᠭᠠᠵᠤ᠂ 7 ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠦᠷᠢᠯᠳᠦᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠢᠯᠡᠷᠡᠭᠦᠯᠪᠡᠯ ᠳᠠᠷᠤᠶ ᠲᠦᠷᠭᠡᠨ ᠰᠢᠶᠳᠪᠦᠷᠢᠯᠡᠬᠦ ᠶᠢ ᠠᠬᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃  
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号