ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠭᠥᠯᠢᠶᠡᠨ ᠵᠣᠴᠢᠯᠠᠬᠤ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/11/5
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ  ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠠᠩ ᠮᠢᠩ ᠬᠤᠸᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠬᠠᠶ ᠶᠠᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠠᠵᠢᠯᠲᠠᠨ ᠢ ᠳᠠᠭᠠᠭᠤᠯᠤᠨ ᠬᠤᠲᠣᠩ ᠠᠷᠠᠳ ᠤᠨ ᠲᠣᠭᠤᠷᠢᠭ ᠤᠨ ᠮᠧᠩ ᠯᠢᠶᠠᠩ ᠦᠨᠳᠦᠰᠦᠲᠡᠨ ᠤ ᠵᠠᠩ ᠦᠶᠯᠡ ᠶᠢᠨ ᠬᠦᠷᠢᠶᠡᠯᠡᠩ᠂ ᠲᠠᠪᠤᠨ ᠣᠳᠣᠨ ᠲᠠᠰ ᠤᠨ ᠭᠥᠯᠢᠶᠡᠨ ᠠᠪᠤᠭᠴᠢ ᠡᠷᠦᠬᠡ ᠴᠢᠤᠸᠠᠨ ᠬᠤᠩ ᠱᠠᠨ ᠵᠤᠸᠠᠩ᠂ ᠭᠤᠷᠪᠠᠨ ᠣᠳᠣᠨ ᠲᠠᠰ ᠤᠨ ᠭᠥᠯᠢᠶᠡᠨ ᠠᠪᠤᠭᠴᠢ ᠡᠷᠦᠬᠡ ᠰᠢᠶᠤᠤ ᠯᠢᠶᠠᠩ ᠮᠧᠶ ᠲᠠᠷᠢᠶᠠᠴᠢᠨ ᠠᠶᠢᠯ ᠤᠨ ᠵᠢᠭᠤᠯᠴᠢᠯᠠᠯ᠂  ᠢᠦᠢ ᠴᠢᠤᠸᠠᠨ ᠲᠣᠭᠤᠷᠢᠭ ᠤᠨ ᠲᠠᠪᠤᠨ ᠰᠤᠪᠤᠷᠭᠠᠲᠤ ᠰᠦᠮ᠎ᠡ᠂ ᠶᠡᠭᠡ ᠵᠣᠣ ᠰᠦᠮ᠎ᠡ᠂ ᠰᠢᠷᠡᠭᠡᠲᠦ ᠵᠣᠣ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠪᠠᠶᠢᠴᠠᠭᠠᠯᠲᠠ ᠬᠢᠪᠠ  ᠃      ᠪᠠᠶᠢᠴᠠᠭᠠᠬᠤ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ A ᠲᠠᠰ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠭᠥᠯᠢᠶᠡᠨ ᠠᠪᠤᠭᠴᠢ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ A ᠲᠠᠰ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠭᠥᠯᠢᠶᠡᠨ ᠠᠪᠤᠭᠴᠢ ᠡᠷᠦᠬᠡ ᠶᠢᠨ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠬᠢᠨᠠᠨ ᠰᠢᠯᠭᠠᠬᠤ᠂ ᠡᠳᠦᠷ ᠲᠤᠲᠤᠮ ᠤᠨ ᠠᠷᠢᠭᠤᠳᠬᠠᠯ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ  ᠃      ᠵᠠᠩ ᠮᠢᠩ ᠬᠤᠸᠠ᠂ ᠡᠯ᠎ᠡ A ᠲᠠᠰ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠭᠥᠯᠢᠶᠡᠨ  ᠠᠪᠤᠭᠴᠢ ᠡᠷᠦᠬᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠣᠵᠤ ᠭᠠᠷᠬᠤ ᠬᠥᠮᠦᠰ  ᠢ ᠵᠢᠩᠬᠢᠨᠢ ᠨᠡᠷ᠎ᠡ ᠪᠠᠷ ᠳᠠᠩᠰᠠᠯᠠᠭᠤᠯᠬᠤ᠂ ᠪᠡᠶ᠎ᠡ ᠶᠢᠨ ᠲᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠬᠢᠨᠠᠨ ᠰᠢᠯᠭᠠᠬᠤ᠂ ᠠᠮᠠᠪᠴᠢ ᠵᠡᠭᠦᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号