ᠡᠵᠡᠨ᠎ᠡ ᠬᠤᠰᠢᠭᠤᠨ ᠳᠤ ᠬᠠᠰᠢᠭᠳᠠᠭᠰᠠᠨ ᠵᠢᠭᠤᠯᠴᠢᠯᠠᠭᠴᠢᠳ ᠢ ᠵᠠᠯᠭᠠᠭ᠎ᠠ ᠪᠠᠷ ᠰᠢᠯᠵᠢᠭᠦᠯᠦᠨ | ᠵᠥᠭᠡᠭᠡᠪᠦᠷᠢᠯᠡᠬᠦ ᠶᠢ ᠳᠠᠭᠠᠯᠳᠤᠨ᠂ ᠣᠷᠳᠣᠰ ᠬᠤᠲᠠ ᠲᠣᠬᠢᠷᠠᠭᠤᠯᠤᠯᠲᠠ ᠶᠣᠰᠣᠭᠠᠷ ᠬᠡᠰᠡᠭ ᠬᠠᠰᠢᠭᠳᠠᠭᠰᠠᠨ | ᠵᠢᠭᠤᠯᠴᠢᠯᠠᠭᠴᠢᠳ ᠢ ᠭᠥᠯᠢᠶᠡᠨ ᠠᠪᠤᠪᠠ᠃ ᠬᠡᠳᠦᠶᠢᠪᠡᠷ ᠬᠠᠰᠢᠭᠳᠠᠭᠰᠠᠨ ᠵᠢᠭᠤᠯᠴᠢᠯᠠᠭᠴᠢᠳ ᠲᠣᠰ ᠤᠳᠠᠭ᠎ᠠ | ᠲᠤᠬᠠᠶ ᠶᠢᠨ ᠭᠠᠵᠠᠷ ᠢᠶᠠᠷ ᠵᠢᠭᠤᠯᠴᠢᠯᠠᠵᠤ ᠴᠢᠳᠠᠭᠰᠠᠨ ᠥᠬᠡᠶ ᠪᠣᠯᠪᠠᠴᠤ ᠣᠷᠳᠣᠰ ᠤᠨ ᠰᠣᠶᠣᠯ ᠵᠢᠭᠤᠯᠴᠢᠯᠠᠯ ᠤᠨ | ᠦᠶᠯᠡᠰ 《 3 ᠵᠢᠯ ᠤᠨ ᠪᠣᠯᠵᠤᠭ᠎ᠠ 》 ᠬᠠᠯᠠᠭᠤᠨ ᠰᠡᠳᠬᠢᠯᠲᠦ ᠪᠡᠯᠡᠭ ᠬᠦᠷᠭᠡᠪᠡ᠂ ᠲᠤᠬᠠᠶᠢᠯᠠᠪᠠᠯ 2022 ᠣᠨ | ᠠᠴᠠ ᠡᠬᠢᠯᠡᠨ᠂ ᠣᠷᠳᠣᠰ ᠬᠤᠲᠠ ᠶᠢᠨ ᠭᠥᠯᠢᠶᠡᠨ ᠠᠪᠤᠭᠰᠠᠨ ᠬᠠᠰᠢᠭᠳᠠᠭᠰᠠᠨ ᠵᠢᠭᠤᠯᠴᠢᠯᠠᠭᠴᠢᠳ 3 ᠵᠢᠯ ᠤᠨ | ᠳᠣᠲᠣᠷ᠎ᠠ ᠪᠡᠶ᠎ᠡ ᠶᠢᠨ ᠦᠨᠡᠮᠯᠡᠯ ᠢᠶᠠᠷ ᠢᠶᠠᠨ ᠪᠥᠬᠦ ᠬᠤᠲᠠ ᠶᠢᠨ A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢᠶᠠᠷ ᠡᠭᠦᠳᠡᠨ ᠪᠢᠯᠧᠲ ᠥᠬᠡᠶ ᠪᠠᠷ ᠵᠢᠭᠤᠯᠴᠢᠯᠠᠵᠤ ᠪᠣᠯᠤᠨ᠎ᠠ ᠃ ᠲᠤᠬᠠᠶ ᠶᠢᠨ ᠭᠠᠵᠠᠷ ᠤᠨ ᠬᠢᠨ ᠡᠨᠡ ᠬᠦ | ᠠᠵᠢᠯᠯᠠᠭ᠎ᠠ ᠪᠠᠷ ᠳᠠᠮᠵᠢᠭᠤᠯᠤᠨ ᠵᠢᠭᠤᠯᠴᠢᠯᠠᠭᠴᠢᠳ ᠲᠤ ᠣᠷᠳᠣᠰ ᠬᠤᠲᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ | ᠂ ᠢᠳᠡᠪᠬᠢ ᠬᠦᠴᠦᠨ ᠢ ᠨᠠᠩ ᠣᠯᠠᠨ ᠬᠥᠮᠦᠨ ᠳᠤ ᠳᠠᠮᠵᠢᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠤᠨ | ᠬᠢᠵᠢᠭ ᠢ ᠬᠠᠮᠲᠤ ᠪᠠᠷ ᠢᠯᠡᠨ ᠳᠠᠪᠠᠵᠠᠶ᠃ | ᠠᠯᠠᠱᠠ ᠠᠶᠢᠮᠠᠭ ᠲᠤ ᠬᠠᠰᠢᠭᠳᠠᠭᠰᠠᠨ ᠵᠢᠭᠤᠯᠴᠢᠯᠠᠭᠴᠢᠳ ᠢ ᠤᠭᠲᠤᠬᠤ ᠶᠢᠨ ᠲᠥᠯᠥᠭᠡ᠂ ᠤᠷᠳᠤᠰ ᠬᠤᠳᠠ | ᠶᠢᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ《 ᠤᠷᠳᠤᠰ ᠤᠨ ᠵᠢᠭᠤᠯᠴᠢᠯᠠᠯ ᠤᠨ ᠬᠠᠷᠮᠠᠨ | ᠪᠢᠴᠢᠭ 》᠂ 《 ᠤᠷᠳᠤᠰ ᠤᠨ ᠡᠪᠦᠯ ᠤᠨ ᠡᠳᠦᠷ ᠤᠨ ᠤᠬᠠᠭᠤᠯᠭ᠎ᠠ ᠶᠢᠨ ᠵᠢᠷᠤᠭᠲᠤ ᠳᠡᠪᠲᠡᠷ 》᠂ 《 | ᠤᠷᠳᠤᠰ ᠤᠨ ᠭᠠᠷ ᠢᠶᠠᠷ ᠵᠢᠷᠤᠭᠰᠠᠨ ᠭᠠᠵᠠᠷ ᠤᠨ ᠵᠢᠷᠤᠭ 》 ᠵᠡᠷᠭᠡ ᠤᠬᠠᠭᠤᠯᠭ᠎ᠠ ᠶᠢᠨ ᠵᠦᠢᠯᠡᠰ ᠢ ᠨᠢᠮᠪᠠᠢ | ᠪᠡᠯᠡᠳᠬᠡᠵᠦ ᠵᠢᠭᠤᠯᠴᠢᠯᠠᠭᠴᠢᠳ ᠤᠨ ᠤᠷᠳᠤᠰ ᠤᠨ ᠰᠣᠶᠣᠯ ᠵᠢᠭᠤᠯᠴᠢᠯᠠᠯ ᠤᠨ ᠦᠢᠯᠡᠳᠬᠦᠨ ᠪᠠ ᠵᠠᠮ ᠱᠤᠭᠤᠮ ᠢ | ᠣᠶᠢᠯᠠᠭᠠᠬᠤ ᠳᠤ ᠲᠦᠬᠦᠮ ᠦᠵᠡᠭᠦᠯᠪᠡ ᠃ ᠡᠭᠦᠨ ᠠᠴᠠ ᠭᠠᠳᠠᠨ᠎ᠠ᠂ ᠵᠢᠭᠤᠯᠴᠢᠯᠠᠭᠴᠢᠳ ᠲᠤ《 ᠰᠡᠳᠬᠢᠯ | ᠵᠢᠷᠦᠬᠡᠨ ᠤ ᠥᠯᠥᠭᠡᠶ 》᠂ 《 ᠣᠷᠳᠣᠰ ᠤᠨ ᠦᠳᠡᠰᠢ 》 ᠵᠡᠷᠭᠡ 43 ᠪᠠᠳᠠᠭ ᠲᠤᠬᠠᠶ ᠶᠢᠨ ᠭᠠᠵᠠᠷ ᠤᠨ | ᠰᠣᠶᠣᠯ ᠤᠨ ᠣᠨᠴᠠᠯᠢᠭ ᠪᠥᠬᠦᠶ ᠰᠣᠳᠣᠨ ᠳᠠᠭᠤᠤ ᠶᠢ ᠪᠠᠭᠲᠠᠭᠠᠭᠰᠠᠨ ᠣᠷᠳᠣᠰ ᠠᠷᠠᠳ ᠤᠨ ᠳᠠᠭᠤᠤ ᠶᠢᠨ | ᠲᠡᠭᠦᠪᠦᠷᠢ 《 ᠣᠷᠳᠣᠰ ᠤᠨ ᠰᠠᠯᠬᠢ 》 ᠶᠢ ᠪᠡᠯᠡᠭᠯᠡᠵᠦ᠂ ᠣᠷᠳᠣᠰ ᠤᠨ ᠣᠷᠣᠨ ᠨᠤᠲᠤᠭ ᠤᠨ ᠰᠣᠶᠣᠯ᠂ | ᠥᠪᠡᠷᠮᠢᠴᠡ ᠵᠠᠩ ᠦᠶᠯᠡ ᠪᠠ ᠳᠤᠷ᠎ᠠ ᠪᠤᠯᠢᠶᠠᠮ᠎ᠠ ᠴᠤᠭ ᠵᠢᠪᠬᠤᠭ᠎ᠠ ᠶᠢ ᠭᠦᠨᠵᠡᠭᠡᠶ ᠣᠶᠢᠯᠠᠭᠠᠬᠤ ᠳᠤ ᠲᠥᠬᠦᠮ | ᠪᠣᠯᠭᠠᠵᠠᠶ ᠃ | ᠣᠳᠣᠬᠠᠨ ᠳᠤ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠶᠠᠭ | ᠵᠢᠭᠤᠯᠴᠢᠯᠠᠭᠴᠢᠳ ᠤᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠭᠥᠯᠢᠶᠡᠨ ᠠᠪᠴᠤ ᠴᠤᠭᠯᠠᠭᠤᠯᠬᠤ ᠶᠢᠨ ᠬᠠᠮᠲᠤ | ᠬᠤᠲᠠ ᠶᠢᠨ ᠳᠣᠲᠣᠷᠠᠬᠢ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠵᠣᠬᠢᠴᠠᠭᠤᠯᠵᠤ᠂ ᠭᠥᠯᠢᠶᠡᠨ | ᠠᠪᠤᠭᠰᠠᠨ ᠵᠢᠭᠤᠯᠴᠢᠯᠠᠭᠴᠢᠳ ᠤᠨ ᠢᠷᠡᠬᠦ ᠵᠢᠯ ᠵᠥᠪᠬᠡᠨ ᠪᠡᠶ᠎ᠡ ᠶᠢᠨ ᠦᠨᠡᠮᠯᠡᠯ ᠢᠶᠠᠷ ᠢᠶᠠᠨ ᠤᠷᠳᠤᠰ ᠬᠤᠲᠠ ᠪᠠᠷ | ᠵᠢᠭᠤᠯᠴᠢᠯᠠᠵᠤ ᠪᠣᠯᠬᠤ ᠶᠢ ᠦᠨᠡᠨ ᠬᠦ ᠪᠠᠲᠤᠯᠠᠵᠤ᠂ 《 ᠦᠵᠡᠮᠦᠷᠢᠲᠠᠢ᠂ ᠰᠣᠨᠣᠰᠪᠤᠷᠢᠲᠠᠶ᠂ ᠲᠠᠭᠠᠯᠠᠮᠵᠢᠲᠠᠶ᠂ ᠪᠡᠶ᠎ᠡ | ᠰᠡᠳᠬᠢᠯ ᠢ ᠪᠠᠶᠠᠰᠬᠠᠬᠤ 》 ᠵᠢᠭᠤᠯᠴᠢᠯᠠᠯ ᠢ ᠰᠠᠭᠠᠳ ᠥᠬᠡᠶ ᠡᠳ᠋ᠯᠡᠵᠦ᠂ ᠣᠷᠳᠣᠰ ᠤᠨ ᠥᠩᠭᠡ ᠢᠯᠭᠠᠷᠠᠭᠰᠠᠨ | ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠃ | | |