ᠪᠤᠭᠤᠲᠤ ᠬᠤᠲᠠ  ᠬᠤᠶᠠᠳᠤᠭᠠᠷ ᠪᠦᠯᠦᠭ ᠤᠨ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ ᠶᠢᠨ ᠨᠡᠷᠡᠰ ᠲᠤ ᠲᠣᠳᠣᠷᠠᠪᠠ
ᠨᠡᠶᠢᠲᠡᠯᠡᠭᠰᠡᠨ ᠴᠠᠭ᠄
2021/11/5
     ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠢᠳᠡᠪᠬᠢᠲᠡᠶ ᠪᠤᠵᠠᠭᠠᠶᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠪᠠ ᠬᠢᠷᠢ ᠲᠦᠪᠰᠢᠨ  ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠬᠠᠮᠲᠤᠷᠠᠨ ᠬᠤᠶᠠᠳᠤᠭᠠᠷ ᠪᠦᠯᠦᠭ ᠤᠨ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ  ᠶᠢᠨ ᠨᠡᠷᠡᠰ ᠢ ᠨᠡᠶᠢᠲᠡᠯᠡᠪᠡ᠃ ᠨᠡᠶᠢᠲᠡ 27 ᠮᠤᠵᠢ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ) ᠪᠠ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ   ᠤ 55 ᠬᠤᠲᠠ ᠰᠣᠩᠭᠤᠭᠳᠠᠭᠰᠠᠨ ᠪᠠᠶᠢᠨ᠎ᠠ᠃ ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠰᠣᠩᠭᠤᠭᠳᠠᠵᠠᠶ᠂ ᠡᠨᠡ ᠪᠣᠯ ᠮᠦᠨ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ   ᠶᠢᠨ ᠬᠤᠲᠠ ᠶᠢᠨ ᠨᠡᠷᠡᠰ ᠲᠤ ᠰᠣᠩᠭᠤᠭᠳᠠᠭᠰᠠᠨ ᠭᠤᠷᠪᠠᠳᠠᠬᠢ ᠬᠤᠲᠠ ᠪᠣᠯᠤᠨ᠎ᠠ  ᠃      ᠲᠣᠰ ᠤᠳᠠᠭᠠᠨ ᠤ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ  ᠶᠢᠨ ᠰᠢᠯᠭᠠᠷᠠᠭᠤᠯᠤᠯᠲᠠ ᠨᠢ ᠲᠤᠷᠰᠢᠯᠲᠠ ᠶᠢᠨ ᠬᠤᠲᠠ᠂ ᠵᠢᠱᠢᠶ᠎ᠡ ᠦᠵᠡᠭᠦᠯᠬᠦ ᠬᠤᠲᠠ ᠶᠢ ᠣᠯᠠᠨ ᠲᠠᠰ ᠳᠠᠪᠬᠤᠷᠭᠠᠲᠤ ᠬᠡᠷᠡᠭᠯᠡᠭᠡᠨ ᠤ ᠲᠥᠪ ᠤᠨ ᠪᠤᠶᠢᠵᠢᠭᠤᠯᠤᠯᠲᠠ ᠪᠠ ᠪᠥᠲᠥᠭᠡᠨ ᠪᠠᠶᠢᠭᠤᠯᠤᠯᠲᠠ ᠳᠤ ᠪᠠᠭᠲᠠᠭᠠᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠪᠠᠶᠢᠭᠤᠯᠤᠯ ᠲᠣᠭᠲᠠᠴᠠ ᠶᠢ ᠨᠠᠩ ᠲᠡᠭᠦᠯᠳᠡᠷᠵᠢᠭᠦᠯᠬᠦ᠂ ᠲᠥᠷᠥ ᠶᠢᠨ ᠪᠣᠳᠣᠯᠭ᠎ᠠ ᠪᠠᠲᠤᠯᠠᠭ᠎ᠠ ᠶᠢᠨ ᠰᠢᠰᠲ᠋ᠧᠮ ᠢ ᠨᠠᠩ ᠪᠦᠷᠢᠨᠰᠢᠬᠦᠯᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠬᠦ᠂ ᠦᠶᠯᠡᠳᠬᠦᠨ ᠪᠠ ᠦᠶᠯᠡᠴᠢᠯᠡᠭᠡᠨ ᠤ ᠬᠠᠩᠭᠠᠯᠭ᠎ᠠ ᠶᠢ ᠨᠠᠩ ᠪᠠᠶᠠᠯᠢᠭᠵᠢᠭᠤᠯᠬᠤ ᠶᠢ ᠠᠬᠢᠭᠤᠯᠬᠤ  ᠶᠢᠨ ᠲᠥᠯᠥᠭᠡ ᠶᠤᠮ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号