ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠵᠠᠰᠠᠭ ᠵᠠᠬᠢᠷᠭ᠎ᠠ ᠪᠠᠩᠬᠢ ᠠᠵᠤ ᠠᠬᠤᠶᠢᠯᠠᠯ  ᠤᠨ ᠵᠣᠯᠭᠠᠯᠴᠠᠭ᠎ᠠ ᠶᠢᠨ ᠬᠤᠷᠠᠯ ᠬᠥᠯᠥᠨ ᠪᠣᠶᠢᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/11/5
     ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ  ᠶᠡᠭᠡ ᠪᠠᠷ  ᠠᠬᠢᠭᠤᠯᠵᠤ᠂  ᠵᠠᠰᠠᠭ ᠵᠠᠬᠢᠷᠭ᠎ᠠ᠂ ᠪᠠᠩᠬᠢ᠂ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠶᠢᠨ ᠲᠤᠰᠠᠳᠠ᠂ 10 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠦᠶᠯᠡᠳᠪᠦᠷᠢ ᠬᠤᠳᠠᠯᠳᠤᠭᠠᠨ ᠤ ᠪᠠᠩᠬᠢ  ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠬᠠᠮᠲᠤᠷᠠᠨ ᠬᠥᠯᠥᠨ ᠪᠣᠶᠢᠷ ᠬᠤᠲᠠ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ  ᠤᠨ ᠵᠠᠰᠠᠭ ᠵᠠᠬᠢᠷᠭ᠎ᠠ᠂ ᠪᠠᠩᠬᠢ᠂ ᠠᠵᠤ ᠠᠬᠤᠶᠢᠯᠠᠯ ᠤᠨ ᠵᠣᠯᠭᠠᠯᠴᠠᠭᠠᠨ ᠤ ᠬᠤᠷᠠᠯ ᠬᠤᠷᠠᠯᠳᠤᠭᠤᠯᠪᠠ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠤᠢ ᡁᠢ ᠭᠦᠸᠧ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠡᠤ ᠬᠠᠶ ᠯᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠥᠯᠥᠨ ᠪᠣᠶᠢᠷ ᠬᠤᠲᠠ᠂ ᠬᠢᠩᠭᠠᠨ ᠠᠶᠢᠮᠠᠭ ᠂ ᠮᠠᠨᠵᠤᠤᠷ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠤᠳᠤᠷᠢᠳᠤᠯᠭ᠎ᠠ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠺᠣᠮᠫᠠᠨᠢ  ᠤᠨ ᠭᠡᠯᠲᠡᠰ᠂ ᠲᠦᠭᠡᠮᠡᠯ ᠬᠠᠷᠠᠭᠠᠯᠵᠠᠯ ᠦᠵᠡᠭᠦᠯᠬᠦ ᠬᠡᠯᠲᠡᠰ᠂ ᠲᠤᠬᠠᠶ ᠶᠢᠨ ᠭᠠᠵᠠᠷ ᠤᠨ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠵᠢᠴᠢ ᠭᠤᠷᠪᠠᠨ ᠭᠠᠵᠠᠷ ᠤᠨ 14 ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠣᠰ ᠤᠳᠠᠭᠠᠨ ᠤ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠲᠤᠰᠬᠠᠶ ᠬᠤᠷᠠᠯ ᠳᠤ ᠣᠷᠣᠯᠴᠠᠪᠠ  ᠃       ᠬᠤᠷᠠᠯ ᠤᠨ ᠬᠤᠭᠤᠴᠠᠭᠠᠨ ᠳᠤ᠂ 14 ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠥᠷᠥᠯ ᠵᠦᠶᠯ ᠢ ᠲᠤᠲᠤᠷᠬᠠᠶᠢᠯᠠᠬᠤ ᠪᠠ ᠪᠠᠯᠠ ᠮᠥᠩᠭᠦ ᠴᠤᠭᠯᠠᠭᠤᠯᠬᠤ ᠬᠡᠷᠡᠭᠴᠡᠭᠡ ᠶᠢ ᠲᠠᠨᠢᠯᠴᠠᠭᠤᠯᠪᠠ᠃ ᠵᠣᠯᠭᠠᠭᠤᠯᠬᠤ ᠠᠵᠢᠯ ᠢ ᠪᠦᠲᠦᠮᠵᠢᠲᠡᠶ ᠥᠷᠨᠢᠭᠦᠯᠬᠦ ᠶᠢᠨ ᠲᠥᠯᠥᠭᠡ᠂ ᠦᠶᠯᠡᠳᠪᠦᠷᠢ ᠬᠤᠳᠠᠯᠳᠤᠭᠠᠨ  ᠤ ᠪᠠᠩᠬᠢ ᠶᠢᠨ ᠲᠥᠯᠥᠭᠡᠯᠡᠭᠴᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠯᠠᠮᠵᠢᠯᠠᠵᠤ ᠪᠠᠶᠢᠭ᠎ᠠ ᠠᠵᠤ ᠠᠬᠤᠶᠢᠯᠠᠯ ᠤᠨ ᠵᠢᠭᠡᠯᠡᠯᠭᠡ᠂ ᠪᠠᠯᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ᠂ ᠭᠤᠶᠤᠴᠢᠯᠠᠨ ᠮᠡᠳᠡᠭᠦᠯᠬᠦ ᠳᠠᠷᠠᠭᠠᠯᠠᠯ ᠵᠡᠷᠭᠡ ᠠᠭᠤᠯᠭ᠎ᠠ ᠳᠤ ᠬᠠᠨᠳᠤᠭᠤᠯᠤᠨ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ᠲᠤᠰᠬᠠᠶ ᠲᠠᠶᠢᠯᠤᠮᠵᠢ ᠪᠠ ᠪᠤᠯᠪᠠᠰᠤᠷᠠᠯ ᠬᠢᠪᠡ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ᠬᠠᠷᠢᠯᠴᠠᠨ ᠶᠠᠷᠢᠯᠴᠠᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨᠲᠡᠶ ᠪᠥᠭᠡᠳ ᠡᠮᠬᠢ ᠵᠢᠷᠤᠮ ᠲᠠᠢ ᠪᠠᠶᠢᠯ᠎ᠠ  ᠃       ᠬᠤᠷᠠᠯ ᠤᠨ ᠳᠠᠷᠠᠭ᠎ᠠ ᠪᠦᠷᠢᠳᠬᠡᠭᠰᠡᠨ ᠢᠶᠠᠷ᠂ ᠭᠡᠭᠡᠨ ᠭᠤᠤᠯ ᠬᠤᠲᠠ ᠶᠢᠨ ᠣᠯᠭᠤᠶᠠ ᠦᠵᠡᠮᠵᠢ ᠶᠢᠨ ᠣᠷᠣᠨ ᠤ ᠬᠠᠯᠠᠭᠤᠨ ᠷᠠᠰᠢᠶᠠᠨ ᠤ ᠪᠠᠭᠤᠳᠠᠯ ᠵᠢᠴᠢ ᠦᠵᠡᠮᠵᠢ ᠶᠢᠨ ᠣᠷᠣᠨ ᠤ ᠬᠠᠭᠠᠯᠲᠠ ᠶᠢᠨ ᠮᠠᠰᠢᠨ ᠤ ᠤᠶᠤᠨᠴᠢ ᠰᠢᠰᠲ᠋ᠧᠮ ᠨᠢ ᠦᠶᠯᠡᠳᠪᠦᠷᠢ ᠬᠤᠳᠠᠯᠳᠤᠭᠠᠨ ᠤ ᠪᠠᠩᠬᠢ ᠲᠠᠢ 5200 ᠲᠦᠮᠡᠨ ᠲᠥᠭᠦᠷᠢᠭ ᠤᠨ ᠪᠠᠯᠠ ᠳᠣᠭᠢᠷᠠᠭᠤᠯᠬᠤ ᠰᠠᠨᠠᠮᠵᠢ ᠲᠤᠭᠲᠠᠵᠠᠢ᠃ ᠣᠶᠢᠷ᠎ᠠ ᠳᠤ ᠦᠶᠯᠡᠳᠪᠦᠷᠢ ᠬᠤᠳᠠᠯᠳᠤᠭᠠᠨ ᠤ ᠪᠠᠩᠬᠢ  ᠶᠢᠨ ᠬᠢᠨ ᠬᠡᠭᠡᠨ ᠭᠤᠤᠯ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠪᠠᠯᠠ ᠳᠣᠭᠢᠷᠠᠭᠤᠯᠬᠤ ᠪᠣᠳᠠᠲᠠᠶ ᠲᠥᠰᠦᠯ ᠢ ᠪᠦᠷᠢᠯᠳᠦᠭᠦᠯᠬᠦ ᠪᠣᠯᠤᠨ᠎ᠠ᠃  ᠵᠠᠯᠠᠶᠢᠳ ᠬᠤᠰᠢᠭᠤᠨ ᠤ ᠠᠨᠳᠠ ᠠᠶᠢᠯ᠂ ᠮᠠᠨᠵᠤᠤᠷ ᠬᠤᠲᠠ ᠶᠢᠨ ᠪᠣᠭᠤᠮᠲᠠ ᠶᠢᠨ ᠪᠦᠯᠦᠭᠯᠡᠯ ᠪᠣᠯᠤᠨ ᠯᠠᠨᠲ᠋ᠢᠶᠠᠨ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠵᠡᠷᠭᠡ 6 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠠᠯᠠ ᠲᠣᠬᠢᠷᠠᠭᠤᠯᠬᠤ ᠰᠠᠨᠠᠮᠵᠢ ᠪᠠᠨ ᠠᠩᠬ᠎ᠠ ᠠᠯᠬᠤᠮ ᠲᠤᠭᠲᠠᠵᠠᠢ᠃ ᠬᠡᠷᠡᠭᠰᠡᠬᠦ ᠵᠣᠭᠤᠰ ᠤᠨ ᠲᠤᠭ᠎ᠠ ᠨᠢ ᠪᠠᠷᠤᠭ 2 ᠳ᠋ᠦᠩᠰᠢᠭᠤᠷ ᠲᠥᠭᠦᠷᠢᠭ ᠪᠠᠶᠢᠵᠤ᠂ ᠰᠡᠭᠦᠯᠴᠢ ᠶᠢᠨ ᠬᠤᠭᠤᠴᠠᠭᠠᠨ ᠳᠤ ᠪᠠᠯᠠ ᠲᠣᠬᠢᠷᠠᠭᠤᠯᠬᠤ ᠲᠤᠭ᠎ᠠ ᠬᠡᠮᠵᠢᠶ᠎ᠡ ᠶᠢ ᠲᠥᠰᠦᠭᠡᠯᠡᠨ ᠪᠤᠳᠤᠬᠤ ᠪᠣᠯᠤᠨ᠎ᠠ  ᠃       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠠᠰᠠᠭ ᠵᠠᠬᠢᠷᠭ᠎ᠠ᠂ ᠪᠠᠩᠬᠢ᠂ ᠠᠵᠤ ᠠᠬᠤᠶᠢᠯᠠᠯ ᠢ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠶᠯᠡᠳᠪᠦᠷᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠢᠷᠡᠬᠦ ᠵᠢᠯ ᠨᠥᠬᠦᠴᠡᠯ ᠳᠤ ᠨᠡᠶᠢᠴᠡᠬᠦ ᠠᠶᠢᠮᠠᠭ ᠬᠤᠲᠠ  ᠳᠤ ᠵᠠᠰᠠᠭ ᠵᠠᠬᠢᠷᠭ᠎ᠠ᠂ ᠪᠠᠩᠬᠢ᠂ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠲᠣᠰ ᠲᠣᠰ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ  ᠶᠢ ᠦᠷᠭᠦᠯᠵᠢᠯᠡᠨ ᠠᠬᠢᠭᠤᠯᠬᠤ ᠪᠠᠷ ᠲᠥᠯᠥᠪᠯᠡᠵᠦ ᠪᠠᠶᠢᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号