ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 3 ᠭᠠᠵᠠᠷ ᠠᠩᠬᠠᠳᠠᠭᠴᠢ ᠪᠦᠯᠦᠭ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠵᠠᠷᠯᠠᠯ ᠤᠨ ᠨᠡᠷᠡᠰ ᠲᠤ ᠣᠷᠤᠪᠠ
ᠨᠡᠶᠢᠲᠡᠯᠡᠭᠰᠡᠨ ᠴᠠᠭ᠄
2021/11/5
     10 ᠳ᠋ᠤᠭᠠᠷ ᠰᠠᠷ᠎ᠠ ᠶᠢᠨ 19 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠠᠩᠬᠠᠳᠠᠭᠴᠢ ᠪᠦᠯᠦᠭ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠵᠠᠷᠯᠠᠯ ᠤᠨ ᠨᠡᠷᠡᠰ ᠢ ᠨᠡᠶᠢᠲᠡᠯᠡᠪᠡ᠃ ᠵᠠᠷᠯᠠᠯ ᠳᠤ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠴᠢᠶᠠᠨ ᠮᠧᠨ ᠶᠡᠭᠡ ᠵᠡᠭᠡᠯᠢ ᠵᠡᠷᠭᠡ ᠨᠡᠶᠢᠲᠡ 120 ᠵᠦᠶᠯᠡᠰ ᠢ ᠨᠡᠶᠢᠲᠡᠯᠡᠵᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 3 ᠭᠠᠵᠠᠷ ᠨᠡᠷᠡᠰ ᠲᠤ ᠣᠷᠤᠪᠠ᠃ ᠲᠤᠰ ᠲᠤᠰ ᠬᠥᠬᠡᠬᠤᠲᠠ ᠶᠢᠨ ᠰᠠᠶ ᠱᠠᠩ ᠬᠠᠭᠤᠴᠢᠨ ᠵᠡᠭᠡᠯᠢ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠤᠯᠠᠭᠠᠨᠮᠦ᠋ᠷᠡᠨ ᠰᠣᠶᠣᠯ ᠪᠠ ᠵᠢᠭᠤᠯᠴᠢᠯᠠᠯ ᠤᠨ ᠵᠡᠭᠡᠯᠢ ᠲᠣᠭᠤᠷᠢᠭ᠂ ᠬᠥᠯᠥᠨ ᠪᠣᠶᠢᠷ ᠬᠤᠲᠠ ᠶᠢᠨ ᠮᠠᠨᠵᠤᠤᠷ ᠬᠤᠲᠠ ᠶᠢᠨ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ  ᠤ ᠬᠡᠦᠬᠡᠯᠳᠡᠶ ᠶᠢᠨ ᠦᠵᠡᠮᠵᠢ ᠶᠢᠨ ᠣᠷᠣᠨ ᠪᠣᠯᠤᠨ᠎ᠠ᠃
        ᠬᠥᠬᠡᠬᠤᠲᠠ ᠶᠢᠨ ᠰᠠᠢ ᠱᠠᠩ ᠬᠠᠭᠤᠴᠢᠨ ᠵᠡᠭᠡᠯᠢ ᠶᠢᠨ ᠰᠥᠨᠢ ᠶᠢᠨ ᠦᠵᠡᠮᠵᠢ
         ᠣᠷᠳᠣᠰ ᠬᠤᠲᠠ ᠶᠢᠨ ᠤᠯᠠᠭᠠᠨᠮᠦ᠋ᠷᠡᠨ ᠰᠣᠶᠣᠯ ᠵᠢᠭᠤᠯᠴᠢᠯᠠᠯ ᠤᠨ ᠣᠷᠣᠨ ᠤ ᠰᠥᠨᠢ ᠶᠢᠨ ᠦᠵᠡᠮᠵᠢ
         ᠮᠠᠨᠵᠤᠤᠷ ᠬᠤᠲᠠ ᠶᠢᠨ ᠬᠡᠦᠬᠡᠯᠳᠡᠶ ᠶᠢᠨ ᠦᠵᠡᠮᠵᠢ ᠶᠢᠨ ᠣᠷᠣᠨ ᠤ ᠰᠥᠨᠢ ᠶᠢᠨ ᠦᠵᠡᠮᠵᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号