ᠮᠠᠨ ᠤ ᠣᠷᠣᠨ ᠤ 45 ᠠᠵᠤ ᠠᠬᠤᠶᠢᠯᠠᠯ ᠤᠨ 145 ᠰᠢᠷᠢᠰ 192 ᠲᠠᠸᠠᠷ ︽ᠥᠪᠥᠷ ᠮᠣᠩᠭᠤᠯ  ᠤᠨ ᠪᠡᠯᠡᠭ︾ ᠨᠠᠷᠠᠲᠤ ᠪᠠᠷᠠᠭᠠᠨ ᠤ ᠭᠡᠷᠡᠴᠢᠯᠡᠯ ᠢ ᠣᠯᠪᠠ
ᠨᠡᠶᠢᠲᠡᠯᠡᠭᠰᠡᠨ ᠴᠠᠭ᠄
2021/11/5
     ᠣᠶᠢᠷ᠎ᠠ ᠳᠤ᠂ ᠠᠵᠤ ᠠᠬᠤᠶᠢᠯᠠᠯ ᠭᠤᠶᠤᠴᠢᠯᠠᠨ ᠮᠡᠳᠡᠭᠦᠯᠵᠦ᠂ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠢᠨᠠᠵᠤ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠦᠨᠡᠯᠡᠨ ᠬᠢᠨᠠᠵᠤ ᠲᠣᠭᠲᠠᠭᠠᠬᠤ ᠶᠢ ᠵᠣᠬᠢᠶᠠᠨ ᠪᠠᠶᠢᠭᠤᠯᠤᠭᠰᠠᠨ ᠢᠶᠠᠷ ᠳᠡᠮᠵᠢᠨ᠂ ᠮᠠᠨ ᠤ ᠣᠷᠣᠨ ᠤ 45 ᠠᠵᠤ ᠠᠬᠤᠶᠢᠯᠠᠯ ᠤᠨ 145 ᠰᠢᠷᠢᠰ 192 ᠲᠠᠸᠠᠷ ︽ᠥᠪᠥᠷ ᠮᠣᠩᠭᠤᠯ ᠤᠨ ᠪᠡᠯᠡᠭ︾ ᠤᠨ ᠨᠠᠷᠠᠲᠤ ᠪᠠᠷᠠᠭᠠᠨ ᠤ ᠭᠡᠷᠡᠴᠢᠯᠡᠯ ᠢ ᠤᠯᠪᠠ᠃      ︽ᠥᠪᠥᠷ ᠮᠣᠩᠭᠤᠯ ᠤᠨ ᠪᠡᠯᠡᠭ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠭᠦᠳᠦᠨ ᠪᠠᠶᠢᠭᠤᠯᠤᠭᠰᠠᠨ ᠥᠪᠥᠷ ᠮᠣᠩᠭᠤᠯ ᠤᠨ ᠵᠢᠭᠤᠯᠴᠢᠯᠠᠯ ᠤᠨ ᠲᠠᠸᠠᠷ  ᠤᠨ ᠲᠤᠰᠬᠠᠶ ᠨᠡᠷᠡᠲᠦ ᠪᠠᠷᠠᠭ᠎ᠠ ᠪᠣᠯᠤᠨ᠎ᠠ᠂ ︽ᠨᠡᠷᠡᠲᠦ ᠪᠠᠷᠠᠭ᠎ᠠ ᠶᠢ  ᠳᠡᠪᠰᠢᠭᠦᠯᠬᠦ᠂ ᠡᠷᠬᠡ ᠣᠯᠭᠤᠨ ᠬᠡᠷᠡᠭᠯᠡᠭᠦᠯᠬᠦ︾ ᠠᠵᠢᠯᠯᠠᠭᠠᠨ ᠤ ᠵᠠᠭᠪᠤᠷ ᠢᠶᠠᠷ ᠥᠪᠥᠷ ᠮᠣᠩᠭᠤᠯ ᠤᠨ ᠲᠡᠦᠬᠡ ᠰᠣᠶᠣᠯ ᠤᠨ ᠠᠭᠤᠯᠤᠭᠳᠠᠬᠤᠨ᠂ ᠣᠷᠣᠨ ᠪᠦᠰᠡ ᠶᠢᠨ ᠣᠨᠴᠠᠯᠢᠭ ᠢ ᠬᠠᠷᠠᠭᠤᠯᠤᠭᠰᠠᠨ ᠰᠣᠳᠣᠨ ᠪᠦᠲᠦᠭᠡᠯ ᠢ ᠵᠠᠬ᠎ᠠ ᠳᠡᠯᠭᠡᠭᠦᠷ ᠲᠤ ᠦᠷᠭᠦᠯᠵᠢᠯᠡᠨ ᠭᠠᠷᠭᠠᠵᠤ᠂ ᠥᠪᠥᠷ ᠮᠣᠩᠭᠤᠯ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠥᠪᠥᠷ ᠮᠣᠩᠭᠤᠯ  ᠤᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︽ᠥᠪᠥᠷ ᠮᠣᠩᠭᠤᠯ ᠤᠨ ᠪᠡᠯᠡᠭ︾ ᠨᠠᠷᠠᠲᠤ ᠪᠠᠷᠠᠭᠠᠨ ᠤ ᠲᠠᠸᠠᠷ ᠲᠤ ᠰᠣᠶᠣᠯ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠳᠬᠦᠨ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠣᠷᠣᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ᠂ ᠦᠵᠡᠮᠵᠢ ᠶᠢᠨ ᠣᠷᠣᠨ ᠵᠢᠴᠢ ᠴᠢᠬᠤᠯᠠ ᠶᠡᠭᠡ ᠠᠵᠢᠯᠯᠠᠭᠠᠨ ᠤ ᠳᠤᠷᠠᠰᠬᠠᠯᠲᠤ ᠵᠦᠶᠯ ᠵᠡᠷᠭᠡ ᠪᠠᠭᠲᠠᠨ᠎ᠠ᠃ ᠡᠷᠬᠡ ᠣᠯᠭᠤᠨ ᠬᠡᠷᠡᠭᠯᠡᠭᠦᠯᠬᠦ ᠠᠵᠤ ᠠᠬᠤᠶᠢᠯᠠᠯ ᠨᠢ ︽ᠥᠪᠥᠷ ᠮᠣᠩᠭᠤᠯ ᠤᠨ ᠪᠡᠯᠡᠭ︾ ᠨᠡᠷᠡᠲᠦ ᠪᠠᠷᠠᠭᠠᠨ ᠤ ᠬᠠᠮᠢᠶᠠᠷᠤᠯᠲᠠ ᠶᠢᠨ ᠠᠷᠭ᠎ᠠ ᠶᠣᠰᠣᠭᠠᠷ ︽ᠥᠪᠥᠷ ᠮᠣᠩᠭᠤᠯ ᠤᠨ ᠪᠡᠯᠡᠭ︾ ᠨᠡᠷᠡᠲᠦ ᠪᠠᠷᠠᠭ᠎ᠠ ᠶᠢᠨ ᠢᠯᠭᠠᠬᠤ ᠡᠷᠬᠡ ᠣᠯᠭᠤᠯᠲᠠ ᠶᠢ ᠣᠯᠵᠤ᠂ ᠡᠷᠬᠡ ᠣᠯᠭᠤᠬᠤ ᠵᠥᠪᠰᠢᠶᠡᠷᠡᠯ ᠤᠨ ᠭᠡᠷ᠎ᠡ ᠲᠣᠭᠲᠠᠨ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ︽ᠥᠪᠥᠷ ᠮᠣᠩᠭᠤᠯ ᠤᠨ ᠪᠡᠯᠡᠭ︾  ᠤᠨ ᠢᠯᠭᠠᠬᠤ ᠲᠡᠮᠳᠡᠭ ᠢ ᠬᠡᠷᠡᠭᠯᠡᠬᠦ ᠶᠢᠨ ᠬᠠᠮᠲᠤ ᠮᠡᠳᠡᠭᠡ ᠵᠠᠩᠭᠢ᠂ ᠴᠢᠳᠠᠪᠤᠷᠢᠲᠠᠨ ᠬᠥᠮᠦᠵᠢᠭᠦᠯᠬᠦ᠂ ᠵᠠᠭᠤᠴᠢᠯᠠᠭᠤᠷ  ᠤᠨ ᠤᠬᠠᠭᠤᠯᠭ᠎ᠠ᠂ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠶᠢᠨ ᠳᠡᠮᠵᠢᠯᠭᠡ ᠶᠢ ᠣᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号