ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠨᠦᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠦᠢᠯᠪᠤᠷᠢᠳᠠᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/11/5
     11 ᠰᠠᠷ᠎ᠠ ᠶᠢᠨ 3 ᠤ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠳᠤ ᠢᠷᠡᠵᠦ ᠠᠵᠢᠯᠯᠠᠬᠤ ᠲᠤᠭᠤᠶᠢᠯᠠᠩ ᠤᠨ ᠮᠠᠨ ᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠰᠠᠨᠠᠭᠤᠯᠭ᠎ᠠ ᠶᠢ ᠤᠯᠠᠮᠵᠢᠯᠠᠵᠤ ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠲᠡᠷᠡ᠂ ᠡᠷᠬᠡᠪᠰᠢ ᠲᠠᠭᠤᠰᠤᠨ ᠲᠠᠭᠤᠰᠳᠠᠯ᠎ᠠ ᠪᠤᠯᠭᠤᠮᠵᠢᠯᠠᠵᠤ᠂ ᠴᠢᠩᠭ᠎ᠠ ᠠᠴᠠ ᠴᠢᠩᠭ᠎ᠠ ᠠᠳᠬᠤᠵᠤ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠦᠢᠯᠪᠤᠷᠢᠳᠠᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠸᠠᠩ ᠯᠢ ᠰᠢᠶᠠ᠂ ᠣᠳᠣᠬᠠᠨ ᠳᠤ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠲᠠᠢ ᠦᠷ᠎ᠡ ᠪᠦᠲᠦᠮᠵᠢ ᠤᠯᠤᠯ᠎ᠠ᠂ ᠢᠯᠠᠩᠭᠤᠶ᠎ᠠ ᠨᠡᠶᠢᠭᠡᠮ ᠲᠣᠭᠤᠷᠢᠭ ᠤᠨ ᠳᠠᠮᠵᠢᠭᠤᠯᠭ᠎ᠠ ᠶᠢᠨ ᠬᠡᠯᠬᠢᠶ᠎ᠡ ᠲᠠᠰᠤᠯᠤᠭᠳᠠᠵᠤ᠂ ᠬᠢᠵᠢᠭ ᠤᠨ ᠪᠠᠶᠢᠳᠠᠯ ᠤᠨ ᠭᠠᠳᠠᠭᠰᠢ ᠲᠡᠷᠬᠠᠬᠤ ᠲᠦᠭᠰᠢᠭᠦᠷᠢ ᠪᠦᠲᠦᠮᠵᠢᠲᠡᠢ ᠬᠢᠵᠠᠭᠠᠷᠯᠠᠭᠳᠠᠪᠠ᠂ ᠭᠡᠪᠡᠴᠦ ᠬᠢᠵᠢᠭ ᠤᠨ ᠪᠠᠶᠢᠳᠠᠯ ᠤᠨ ᠬᠠᠨᠳᠤᠰᠢ ᠳᠤ ᠪᠠᠰᠠ ᠲᠣᠭᠲᠠᠭᠠᠯᠲᠤ ᠪᠤᠰᠤ ᠴᠢᠨᠠᠷ ᠣᠷᠣᠰᠢᠵᠤ ᠪᠠᠶᠢᠨ᠎ᠠ᠂ ᠡᠴᠦᠰ ᠤᠨ ᠢᠯᠠᠯᠲᠠ ᠶᠢ ᠤᠯᠬᠤ ᠳᠤ ᠪᠠᠰᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠡᠪᠡᠳᠴᠢᠨ ᠤ ᠵᠢᠱᠢᠶ᠎ᠡ ᠶᠢ ᠠᠷᠢᠯᠭᠠᠬᠤ ᠨᠢᠭᠡᠳᠦᠭᠡᠷ ᠨᠣᠮᠧᠷᠲᠤ︾ ᠠᠵᠢᠯᠯᠠᠭ᠎ᠠ ᠶᠢ ᠦᠷᠭᠦᠯᠵᠢᠯᠡᠨ ᠡᠷᠴᠢᠮ ᠲᠠᠢ ᠥᠷᠨᠢᠭᠦᠯᠵᠦ᠂ ︽ᠰᠡᠭᠦᠯᠴᠢ  ᠶᠢᠨ ᠬᠤᠭᠤᠴᠠᠭ᠎ᠠ︾ ᠶᠢ ᠲᠦᠷᠭᠡᠳᠭᠡᠨ ᠳᠠᠭᠤᠰᠬᠠᠵᠤ᠂ ᠪᠦᠬᠦᠨ ᠢ ᠲᠦᠷᠭᠡᠨ ᠠᠷᠢᠯᠭᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠠᠯᠢ ᠬᠤᠷᠲᠤᠨ ᠢᠶᠠᠷ ᠰᠡᠷᠭᠦᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠳᠤᠪᠤᠶᠢᠯᠭᠠᠵᠤ᠂ ᠪᠠᠭᠤᠷᠠᠢ ᠭᠤᠭᠴᠤᠭ᠎ᠠ ᠶᠢ ᠮᠥᠷᠳᠡᠨ ᠪᠠᠶᠢᠴᠠᠭᠠᠵᠤ᠂ ᠠᠯᠳᠠᠭ᠎ᠠ ᠪᠤᠷᠤᠭᠤ ᠭᠠᠷᠭᠠᠬᠤ ᠶᠢ ᠡᠷᠡᠰ ᠬᠤᠷᠢᠠᠠᠯᠠᠠ᠂ ᠪᠣᠭᠤᠮᠢ ᠶᠢ ᠡᠪᠳᠡᠵᠦ᠂ ᠬᠡᠮ ᠰᠣᠭᠤᠭ ᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠡᠭᠦᠰᠦᠯ ᠢ ᠮᠦᠷᠳᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠲᠣᠭᠲᠠᠭᠠᠯ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠵᠣᠬᠢᠶᠠᠨ ᠪᠠᠶᠢᠭᠤᠯᠵᠤ ᠳᠠᠶᠢᠴᠢᠯᠠᠬᠤ ᠴᠢᠳᠠᠪᠤᠷᠢ ᠶᠢ ᠴᠢᠩᠭᠠᠳᠬᠠᠨ᠂ ᠬᠢᠨᠠᠨ ᠬᠡᠮᠵᠢᠬᠦ ᠶᠠᠪᠤᠴᠠ ᠶᠢ ᠰᠢᠯᠢᠲᠡᠭᠵᠢᠬᠦᠯᠥᠨ ᠲᠡᠬᠢᠨ ᠡᠬᠦᠳᠬᠦ᠂ ᠰᠢᠯᠭᠠᠠ ᠪᠠᠶᠢᠴᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠬᠥᠮᠦᠰ ᠤᠨ ᠤᠯᠠᠨ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠤᠨ ᠣᠨᠣᠴᠠᠲᠠᠢ ᠰᠡᠷᠭᠡᠶᠢᠯᠡᠨ ᠡᠵᠡᠮᠳᠡᠬᠦ ᠵᠢᠴᠢ ᠪᠦᠷᠢᠨ ᠢᠯᠠᠯᠲᠠ ᠶᠢ ᠲᠡᠮᠡᠴᠡᠨ ᠤᠯᠬᠤ ᠳᠤ ᠦᠨᠳᠦᠰᠦᠯᠡᠯ ᠬᠠᠩᠭᠠᠬᠤ ᠬᠡᠷᠡᠭᠲᠡᠢ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠵᠢᠷᠤᠮᠵᠢᠯ ᠤᠨ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠨᠢᠭᠲᠠ ᠪᠠᠶᠢᠭᠤᠯᠬᠤ ᠬᠡᠷᠡᠭᠲᠡᠢ᠃ ᠣᠷᠣᠨ ᠤ ᠦᠨᠳᠦᠰᠦᠨ ᠪᠠᠶᠢᠳᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠠᠴᠠ ᠡᠭᠦᠰᠴᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠨ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠦᠪ ᠬᠤᠳᠠ ᠶᠢᠨ ᠣᠷᠣᠨ ᠪᠦᠰᠡ ᠶᠢᠨ ᠡᠮᠴᠢᠯᠡᠭᠡᠨ ᠤ ᠠᠪᠤᠷᠠᠨ ᠡᠮᠨᠡᠬᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠦᠪᠰᠢᠨ ᠢ ᠳᠡᠭᠡᠭᠰᠢᠯᠡᠭᠦᠯᠵᠦ᠂ ᠲᠣᠭᠲᠠᠭᠰᠠᠨ ᠪᠡᠯᠡᠳᠭᠡᠯ ᠡᠮᠨᠡᠯᠭᠡ ᠶᠢᠨ ᠬᠤᠷᠢᠶ᠎ᠠ ᠶᠢ ᠲᠦᠷᠭᠡᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠷᠣᠨ ᠤ ᠳᠣᠲᠣᠷᠠᠬᠢ ᠠᠵᠢᠯ ᠲᠦᠷᠦᠯ ᠢᠶᠠᠷ ᠲᠤᠰᠠᠯᠠᠬᠤ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠦᠶ᠎ᠡ ᠳᠤ ᠳᠠᠷᠦ᠋ᠢᠬᠠᠨ ᠰᠢᠯᠵᠢᠭᠦᠯᠵᠦ ᠳᠡᠶᠢᠯᠬᠦ᠂ ᠬᠡᠷᠡᠭᠯᠡᠵᠦ ᠳᠡᠶᠢᠯᠬᠦ᠂ ᠢᠯᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠡᠸᠤ ᠶᠠᠩ ᠰᠢᠶᠤᠤ ᠬᠤᠶ᠂ ᠾᠧᠩ ᠰᠢᠶᠤᠤ ᠹᠠᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠯᠠᠱᠠ ᠠᠶᠢᠮᠠᠭ᠂ ᠡᠵᠡᠨ᠎ᠡ ᠬᠤᠰᠢᠭᠤᠨ ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号