ᠦᠬᠠᠶ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠡᠵᠡᠩᠨᠡᠯᠲᠡ ᠶᠢᠨ ᠠᠵᠢᠯᠯᠠᠭ᠎ᠠ ᠶᠢ ᠲᠦᠷ ᠵᠣᠭᠰᠣᠭᠠᠬᠤ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2021/11/8
    ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ᠤᠨ 12 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠦᠷᠦᠭᠦᠬᠡᠨ ᠦᠬᠠᠶ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ︽ᠡᠵᠡᠩᠨᠡᠯᠲᠡ ᠶᠢᠨ ᠠᠵᠢᠯᠯᠠᠭ᠎ᠠ ᠪᠠᠨ ᠲᠦᠷ ᠵᠣᠭᠰᠣᠭᠠᠬᠤ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠳᠤ ᠪᠠᠶᠢᠷᠢᠯᠠᠭᠤᠯᠤᠯᠲᠠ ᠬᠢᠵᠦ᠂ ᠪᠥᠬᠦ  ᠲᠤᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠥᠬᠦ ᠬᠤᠲᠠ ᠶᠢᠨ KTV᠂ ᠰᠦᠯᠵᠢᠶᠡᠨ ᠤ ᠪᠠᠭᠠᠷ᠂ ᠦᠵᠡᠮᠵᠢ ᠶᠢᠨ ᠣᠷᠣᠨ ᠵᠡᠷᠭᠡ ᠲᠠᠯᠠᠪᠤᠷ ᠲᠤ ᠭᠦᠨᠵᠡᠭᠡᠶᠢᠷᠡᠨ ︽ᠡᠵᠡᠩᠨᠡᠯᠲᠡ ᠶᠢᠨ ᠠᠵᠢᠯᠯᠠᠭ᠎ᠠ ᠪᠠᠨ ᠲᠦᠷ ᠵᠣᠭᠰᠣᠭᠠᠬᠤ︾ ᠰᠡᠷᠭᠡᠶᠢᠯᠡᠨ ᠡᠵᠡᠮᠳᠡᠬᠦ ᠪᠠᠶᠢᠳᠠᠯ ᠢ ᠰᠢᠮᠳᠠᠭᠤᠯᠤᠨ ᠪᠠᠶᠢᠴᠠᠭᠠᠪᠠ  ᠃      ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 960 ᠭᠠᠷᠤᠶ ᠬᠥᠮᠦᠨ ᠤᠳᠠᠭ᠎ᠠ ᠤᠷᠤᠯᠴᠠᠵᠤ᠂ 480 ᠤᠳᠠᠭ᠎ᠠ ᠪᠠᠶᠢᠴᠠᠭᠠᠵᠤ᠂ ᠪᠥᠬᠦ ᠬᠤᠲᠠ ᠶᠢᠨ 43 ᠰᠦᠯᠵᠢᠶᠡᠨ ᠪᠠᠭᠠᠷ᠂ 8 KTV᠂ 3 ᠲᠣᠭᠯᠠᠭᠠᠮ ᠤᠨ ᠭᠠᠵᠠᠷ᠂ 9 ᠺᠢᠨᠣ᠋ ᠶᠢᠨ ᠣᠷᠳᠣᠨ᠂ 8 ᠵᠢᠭᠤᠯᠴᠢᠯᠠᠯ ᠤᠨ ᠦᠵᠡᠮᠵᠢ ᠶᠢᠨ ᠣᠷᠣᠨ᠂ 3 ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠲᠠᠯᠠᠪᠤᠷ ᠭᠠᠵᠠᠷ ᠪᠠ 4 ᠤᠮᠪᠠᠯᠲᠠ ᠶᠢᠨ ᠣᠷᠳᠣᠨ ᠴᠥᠮ ᠱᠠᠭᠠᠷᠳᠠᠯᠭ᠎ᠠ ᠶᠣᠰᠣᠭᠠᠷ ᠡᠵᠡᠩᠨᠡᠯᠲᠡ ᠪᠠᠨ ᠲᠦᠷ ᠵᠣᠭᠰᠣᠭᠠᠭᠰᠠᠨ ᠪᠠᠶᠢᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠡᠳᠦᠷ᠂ ᠰᠥᠨᠢ ᠶᠢᠨ ᠲᠣᠭᠤᠷᠢᠨ ᠪᠠᠶᠢᠴᠠᠭᠠᠬᠤ ᠶᠠᠪᠤᠴᠠ ᠳᠤ ᠴᠥᠮ ᠳᠤᠷ᠎ᠠ ᠪᠠᠷ ᠢᠶᠠᠨ ᠡᠵᠡᠩᠨᠡᠭᠰᠡᠨ ᠦᠵᠡᠭᠳᠡᠯ ᠢᠯᠡᠷᠡᠭᠰᠡᠨ ᠥᠬᠡᠶ  ᠃
 
ᠢᠷᠡᠯᠲᠡ᠄ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号