《 ᠴᠡᠴᠡᠷᠯᠢᠭᠲᠦ ᠰᠠᠶᠢᠬᠠᠨ ᠳᠤᠮᠳᠠᠳᠤ ᠢᠶᠠᠷ ᠠᠶᠠᠯᠠᠵᠤ ᠴᠡᠯᠡᠭᠡᠷ ᠲᠠᠯ᠎ᠠ ᠳᠤ ᠪᠠᠨ ᠪᠤᠯᠵᠤᠨ ᠵᠣᠯᠭᠠᠬᠤ 》ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠶᠢᠨ ᠠᠩᠬᠠᠨ ᠤ ᠥᠷᠲᠡᠭᠡ ᠬᠥᠬᠡᠬᠤᠲᠠ ᠶᠢᠨ ᠯᠣᠤ ᠨᠢᠦ ᠸᠠᠨ ᠳᠤ ᠬᠦᠷᠴᠦ ᠢᠷᠡᠪᠡ
ᠨᠡᠶᠢᠲᠡᠯᠡᠭᠰᠡᠨ ᠴᠠᠭ᠄
2021/12/21
    12 ᠳ᠋ᠤᠭᠠᠷ ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ᠂ ᠬᠥᠬᠡᠬᠤᠲᠠ  ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ《 ᠴᠡᠴᠡᠷᠯᠢᠭᠲᠦ ᠰᠠᠶᠢᠬᠠᠨ ᠳᠤᠮᠳᠠᠳᠤ ᠢᠶᠠᠷ ᠠᠶᠠᠯᠠᠵᠤ ᠴᠡᠯᠡᠭᠡᠷ ᠲᠠᠯ᠎ᠠ ᠳᠤ ᠪᠠᠨ ᠪᠤᠯᠵᠤᠨ ᠵᠤᠯᠭᠠᠬᠤ  》ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠨᠢ《 ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠤᠭᠲᠤᠵᠤ᠂ ᠬᠠᠲᠤᠨ ᠭᠤᠤᠯ ᠢᠶᠠᠷ ᠵᠤᠭᠠᠴᠠᠵᠤ᠂ ᠲᠠᠯ᠎ᠠ ᠨᠤᠲᠤᠭ ᠢ ᠦᠵᠡᠵᠦ — ᠬᠦᠬᠡᠬᠤᠲᠠ ᠳᠤ ᠠᠩᠬᠠᠷᠤᠯ ᠢᠶᠠᠨ ᠲᠥᠪᠯᠡᠷᠡᠭᠦᠯᠬᠦ 》 ᠪᠠᠷ ᠭᠤᠤᠯᠳᠠᠯᠭ᠎ᠠ ᠪᠣᠯᠭᠠᠵᠤ᠂ ᠠᠵᠢᠯᠯᠠᠭ᠎ᠠ ᠨᠢ 5 ᠡᠳᠦᠷ ᠶᠠᠪᠤᠭᠳᠠᠵᠤ᠂ ᠬᠤᠶᠠᠷ ᠬᠡᠰᠡᠭ ᠬᠤᠪᠢᠶᠠᠵᠤ᠂ ᠨᠢᠭᠡᠳᠦᠭᠡᠷ ᠬᠡᠰᠡᠭ ᠨᠢ 12 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ᠂ ᠬᠤᠶᠠᠳᠤᠭᠠᠷ ᠬᠡᠰᠡᠭ ᠨᠢ 12 ᠳ᠋ᠤᠭᠠᠷ ᠰᠠᠷ᠎ᠠ ᠶᠢᠨ 18 ᠤ ᠡᠳᠦᠷ ᠮᠠ ᠽᠦᠩ ᠱᠠᠨ ᠠᠭᠤᠯᠠ  ᠶᠢᠨ ᠴᠠᠨᠠᠯᠠᠬᠤ ᠲᠠᠯᠠᠪᠠᠶ ᠳᠤ ᠬᠦᠷᠴᠦ ᠰᠤᠷᠪᠤᠯᠵᠢᠯᠠᠭ᠎ᠠ ᠬᠢᠵᠦ᠂ ᠮᠠᠲ᠋ᠧᠷᠢᠶᠠᠯ ᠴᠤᠭᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠣᠷᠭᠢᠯ ᠳᠤ ᠨᠢ ᠬᠦᠷᠭᠡᠪᠡ᠃       5 ᠡᠳᠦᠷ ᠶᠠᠪᠤᠭᠳᠠᠭᠰᠠᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠳᠤᠮᠳᠠ᠂ ᠰᠣᠶᠣᠯ ᠪᠠ ᠵᠢᠭᠤᠯᠴᠢᠯᠠᠯ  ᠤᠨ ᠦᠶᠯᠡᠰ ᠤᠨ ᠡᠲᠡᠭᠡᠳ ᠤᠨ ᠲᠤᠰᠬᠠᠶ ᠮᠡᠷᠭᠡᠵᠢᠯᠲᠡᠨ᠂ ᠪᠥᠬᠦ ᠤᠯᠤᠰ ᠤᠨ ᠭᠤᠤᠯ ᠤᠷᠤᠰᠬᠠᠯ ᠤᠨ ᠵᠠᠭᠤᠴᠢᠯᠠᠭᠤᠷ ᠤᠨ 40 ᠭᠠᠷᠤᠶ ᠬᠥᠮᠦᠨ ᠢᠶᠠᠷ ᠪᠦᠷᠢᠯᠳᠦᠭᠰᠡᠨ ᠰᠢᠯᠭᠠᠨ ᠪᠠᠶᠢᠴᠠᠭᠠᠬᠤ ᠪᠦᠯᠬᠦᠮ 5 ᠡᠳᠦᠷ ᠤᠨ ᠴᠠᠭ ᠢ ᠠᠰᠢᠭᠯᠠᠨ ᠯᠣᠤ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ᠂ ᠴᠡᠯᠡᠭᠡᠷ ᠲᠠᠯ᠎ᠠ᠂ ᠦᠴᠤᠸᠠᠨ ᠰᠢᠶᠠᠨ  ᠤ ᠮᠥᠰᠥ ᠴᠠᠰᠤᠨ ᠤ ᠵᠢᠵᠢᠭ ᠪᠠᠯᠭᠠᠰᠤ᠂ ᠮᠠ ᠽᠦᠩ ᠱᠠᠨ ᠠᠭᠤᠯᠠ ᠶᠢᠨ ᠴᠠᠨᠠᠯᠠᠬᠤ ᠲᠠᠯᠠᠪᠠᠶ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠮᠧᠩ ᠶᠤᠸᠠᠨ ᠤᠶᠤᠨᠲᠤ ᠦᠢᠯᠡᠳᠭᠦᠨ ᠵᠡᠷᠭᠡ 16 ᠦᠵᠡᠮᠵᠢ ᠶᠢᠨ ᠣᠷᠣᠨ  ᠳᠤ ᠬᠦᠷᠴᠦ᠂ ᠬᠥᠬᠡᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠪᠦᠯ ᠤᠨ ᠤᠯᠠᠷᠢᠯ ᠤᠨ ᠬᠠᠲᠤᠨ ᠭᠤᠤᠯ ᠤᠨ ᠭᠤᠸ᠎ᠠ ᠰᠠᠶᠢᠬᠠᠨ᠂ ᠣᠷᠳᠣ ᠴᠠᠭᠠᠨ ᠬᠡᠷᠡᠮ ᠤᠨ ᠭᠤᠸ᠎ᠠ ᠰᠠᠶᠢᠬᠠᠨ᠂ ᠲᠠᠯ᠎ᠠ ᠨᠤᠲᠤᠭ ᠤᠨ ᠭᠤᠸ᠎ᠠ ᠰᠠᠶᠢᠬᠠᠨ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠢᠯᠡᠷᠡᠭᠦᠯᠪᠡ᠃ ᠬᠥᠬᠡᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠨᠦᠷ ᠠᠮᠲᠠ ᠶᠢ ᠲᠣᠭᠤᠷᠢᠨ ᠦᠵᠡᠵᠦ᠂ ᠬᠥᠬᠡᠬᠤᠲᠠ ᠶᠢᠨ ᠰᠡᠯᠡᠭᠦᠴᠡᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠭᠦᠨᠵᠡᠭᠡᠶ ᠪᠡᠶᠡᠴᠢᠯᠡᠨ ᠤᠶᠢᠯᠠᠭᠠᠪᠠ᠃      12 ᠳ᠋ᠤᠭᠠᠷ ᠰᠠᠷ᠎ᠠ ᠶᠢᠨ 11 ᠤ ᠦᠳᠡ ᠶᠢᠨ ᠡᠮᠦᠨ᠎ᠡ᠂ ᠮᠠᠲ᠋ᠧᠷᠢᠶᠠᠯ ᠴᠤᠭᠯᠠᠭᠤᠯᠬᠤ ᠪᠦᠯᠬᠦᠮ ᠬᠥᠬᠡᠬᠤᠲᠠ  ᠶᠢᠨ ᠴᠢᠩ ᠱᠦᠢ ᠾᠧ ᠰᠢᠶᠠᠨ ᠤ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠳᠤ ᠬᠦᠷᠪᠡ᠂ ᠡᠨᠡ ᠪᠣᠯ ᠤᠷᠳᠤ ᠴᠠᠭᠠᠨ ᠬᠡᠷᠡᠮ ᠪᠣᠯᠤᠨ ᠬᠠᠳᠤᠨ ᠭᠤᠣᠯ ᠤᠨ ᠠᠭᠤᠯᠵᠠᠳᠠᠭ ᠭᠠᠵᠠᠷ ᠪᠣᠯᠬᠤ ᠪᠥᠭᠡᠳ ᠳᠤᠮᠳᠠᠳᠤ ᠤᠯᠤᠰ  ᠤᠨ ᠬᠠᠮᠤᠭ ᠤᠨ ᠭᠤᠶᠤ ᠠᠷᠪᠠᠨ ᠶᠡᠭᠡ ᠬᠠᠪᠴᠢᠯ ᠤᠨ ᠨᠢᠭᠡ ᠪᠣᠯᠤᠨ᠎ᠠ᠃ ᠯᠣᠤ ᠨᠢᠤ ᠸᠠᠨ ᠨᠢ ᠱᠠᠨ ᠰᠢ ᠥᠪᠥᠷ ᠮᠣᠩᠭᠤᠯ ᠤᠨ ᠠᠭᠤᠯᠵᠠᠷ ᠲᠤ ᠣᠷᠣᠰᠢᠵᠤ᠂ ᠬᠠᠲᠤᠨ ᠭᠤᠤᠯ ᠢᠶᠠᠷ ᠵᠠᠭᠠᠭ ᠪᠣᠯᠭᠠᠵᠤ᠂ ᠬᠠᠲᠤᠨ ᠭᠤᠤᠯ ᠠᠳᠡ  ᠠᠴᠠ ᠱᠠᠨ ᠰᠢ ᠳᠤ ᠣᠷᠣᠵᠤ᠂ ᠮᠠᠨ ᠤ ᠤᠯᠤᠰ ᠤᠨ ᠰᠢᠷ᠎ᠠ ᠬᠥᠷᠥᠰᠥᠲᠦ ᠥᠨᠳᠦᠷᠯᠢᠭ ᠤᠨ ᠬᠤᠪᠢᠷᠠᠯᠲᠠ ᠶᠡᠬᠡᠲᠡᠶ ᠭᠠᠵᠠᠷ ᠤᠨ ᠲᠥᠷᠬᠦ ᠶᠢᠨ ᠣᠨᠴᠠᠯᠢᠭ ᠨᠢ ᠠᠳᠡ ᠢᠯᠡᠷᠡᠵᠦ ᠪᠠᠶᠢᠳᠠᠭ᠃ ᠡᠪᠦᠯ ᠤᠨ ᠤᠯᠠᠷᠢᠯ ᠤᠨ ᠯᠣᠤ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠭᠤᠤᠯ ᠤᠨ ᠬᠥᠨᠳᠡᠶ ᠶᠢᠨ ᠬᠤᠶᠠᠷ ᠡᠷᠭᠢ ᠨᠢ ᠲᠦᠮᠡᠨ ᠡᠷᠪᠡᠶ ᠪᠠᠷ ᠡᠭᠴᠡᠯᠡᠨ ᠬᠠᠨᠠᠷᠠᠵᠤ᠂ ᠭᠤᠤᠯ ᠤᠨ ᠡᠷᠭᠢ ᠳᠡᠭᠡᠷ᠎ᠡ ᠨᠢ ᠣᠷᠳᠣ ᠴᠠᠭᠠᠨ ᠬᠡᠷᠡᠮ ᠰᠡᠬᠦᠶᠢᠨ ᠰᠦᠨᠳᠡᠷᠯᠡᠵᠦ᠂ ᠠᠶᠢᠯ ᠲᠣᠰᠬᠤᠨ ᠳᠤ ᠨᠢ ᠡᠷᠲᠡᠨ ᠤ ᠦᠯᠡᠳᠡᠭᠳᠡᠯ ᠨᠢᠭᠲᠠ ᠲᠠᠷᠬᠠᠵᠤ ᠪᠠᠶᠢᠳᠠᠭ᠃ ᠬᠠᠳᠤᠨ ᠭᠤᠤᠯ ᠳᠠᠭᠠᠤ ᠤᠷᠲᠤ ᠵᠠᠮ ᠢ ᠳᠠᠭᠠᠵᠤ ᠠᠯᠬᠤᠪᠠᠯ᠂ ᠪᠦᠬᠦ ᠦᠵᠡᠮᠵᠢ ᠶᠢᠨ ᠯᠣᠤ ᠨᠢᠤ ᠸᠠᠨ ᠪᠤᠯᠤᠩ ᠢ ᠣᠯᠵᠤ ᠬᠠᠷᠠᠨ᠎ᠠ᠃ ᠮᠥᠰᠥ ᠴᠠᠰᠤ ᠴᠠᠪᠴᠠᠶᠢᠭᠰᠠᠨ ᠬᠥᠬᠡ ᠲᠩᠷᠢ ᠶᠢᠨ ᠳᠣᠤᠷ᠎ᠠ ᠬᠦᠨᠳᠡᠯᠢᠳᠦᠨ ᠬᠡᠪᠲᠡᠵᠦ᠂ ᠬᠥᠪᠡᠭᠡ ᠬᠢᠵᠠᠭᠠᠷ ᠦᠭᠡᠢ ᠤᠷᠤᠨ ᠵᠠᠢ ᠶᠢ ᠭᠠᠭᠴᠠᠭᠠᠷ ᠡᠵᠡᠯᠡᠨ᠎ᠡ᠃     ᠦᠳᠡᠰᠢ ᠶᠢᠨ ᠨᠡᠷᠡᠨ ᠪᠠᠷᠠᠭᠤᠨᠰᠢ ᠲᠠᠰᠢᠬᠤ ᠳᠤ᠂ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠶᠢᠨ ᠨᠢᠭᠡᠳᠦᠭᠡᠷ ᠦᠷᠳᠡᠭᠡ ᠲᠡᠭᠦᠰ ᠠᠮᠵᠢᠯᠲᠠ ᠲᠠᠢ ᠥᠨᠳᠥᠷᠯᠡᠵᠦ᠂ ᠮᠠᠲ᠋ᠧᠷᠢᠶᠠᠯ ᠴᠤᠭᠯᠠᠭᠤᠯᠬᠤ ᠪᠦᠯᠬᠦᠮ ᠤᠨ ᠬᠢᠨ ᠰᠠᠯᠵᠤ ᠶᠠᠳᠠᠭᠰᠠᠨ ᠰᠡᠳᠭᠢᠯᠭᠡ ᠪᠠᠷ ᠪᠤᠴᠠᠬᠤ ᠵᠠᠮ ᠢᠶᠠᠨ ᠡᠯᠭᠦᠪᠡ᠃ ᠵᠠᠭᠤᠴᠢᠯᠠᠭᠤᠷ ᠤᠨ ᠰᠤᠷᠪᠤᠯᠵᠢᠯᠠᠭᠴᠢ ᠭᠤᠸ᠎ᠠ ᠰᠠᠶᠢᠬᠠᠨ ᠤ ᠨᠢᠳᠦ ᠶᠢ ᠴᠢᠳᠠᠮᠠᠭᠠᠶ ᠢᠯᠡᠷᠡᠭᠦᠯᠵᠦ᠂ ᠯᠣᠤ ᠨᠢᠦ ᠸᠠᠨ ᠤ ᠬᠠᠳᠤᠨ ᠭᠤᠤᠯ ᠤᠨ ᠡᠪᠦᠯ ᠤᠨ ᠤᠯᠠᠷᠢᠯ  ᠤᠨ ᠵᠢᠭᠤᠯᠴᠢᠯᠠᠯ ᠤᠨ ᠪᠦᠲᠦᠭᠡᠭᠳᠡᠬᠦᠨ᠂ ᠠᠷᠠᠳ ᠤᠨ ᠵᠠᠩ ᠦᠢᠯᠡ᠂ ᠲᠤᠬᠠᠶ ᠶᠢᠨ ᠭᠠᠵᠠᠷ ᠤᠨ ᠣᠨᠴᠠ ᠭᠠᠷᠤᠯᠲᠠ ᠵᠡᠷᠭᠡ ᠶᠢ ᠪᠦᠬᠦ ᠲᠠᠯ᠎ᠠ ᠪᠠᠷ ᠢᠯᠡᠷᠡᠭᠦᠯᠪᠡ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号