ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠣᠭᠤᠳᠠᠯ︾ ᠵᠤᠬᠢᠶᠠᠪᠠ
ᠨᠡᠶᠢᠲᠡᠯᠡᠭᠰᠡᠨ ᠴᠠᠭ᠄
2021/12/21
     12 ᠳ᠋ᠤᠭᠠᠷ ᠰᠠᠷ᠎ᠠ ᠶᠢᠨ 8 ᠤ ᠡᠳᠦᠷ ᠤᠨ ᠥᠷᠯᠥᠭᠡ ᠶᠢᠨ 9 ᠴᠠᠭ ᠲᠤ᠂ ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ᠂ ᠬᠥᠯᠥᠨ ᠪᠣᠶᠢᠷ ᠤᠨ ᠡᠳᠦᠷ ᠤᠨ ᠰᠣᠨᠢᠨ ᠤ ᠬᠤᠷᠢᠶ᠎ᠠ ᠪᠣᠯᠤᠨ ᠬᠥᠯᠥᠨ ᠪᠣᠶᠢᠷ ᠤᠨ ᠷᠠᠳᠢᠣ᠋ ᠲᠧᠯᠸᠢᠰ ᠬᠤᠷᠢᠶ᠎ᠠ ᠲᠠᠢ ᠬᠠᠮᠳᠤᠷᠠᠨ ᠨᠡᠭᠡᠭᠡᠨ ᠠᠰᠢᠭᠯᠠᠭᠰᠠᠨ ᠬᠥᠯᠥᠨ ᠪᠣᠶᠢᠷ ᠤᠨ ︽ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠤᠭᠤᠳᠠᠯ︾ ᠵᠢᠩᠬᠢᠨᠢ ᠪᠠᠷ ᠠᠵᠢᠯᠯᠠᠵᠤ ᠡᠬᠢᠯᠡᠪᠡ᠃      ᠣᠶᠢᠯᠠᠭᠠᠭᠰᠠᠨ ᠢᠶᠠᠷ᠂ ᠲᠠᠪᠴᠠᠩ ᠢ 12 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ ᠪᠡᠯᠡᠳᠬᠡᠨ ᠪᠠᠶᠢᠭᠤᠯᠵᠤ᠂ ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠠᠷᠤᠶ ᠲᠦᠷᠭᠡᠨ ᠲᠤᠰᠬᠠᠶ ᠵᠢᠰᠢᠶ᠎ᠠ ᠪᠠᠶᠢᠭᠤᠯᠵᠤ᠂ ᠱᠦᠵᠢ ᠠᠳᠬᠤᠵᠤ᠂ ᠪᠠᠭ ᠤᠨ ᠪᠦᠷᠢᠯᠳᠦᠬᠦᠨ ᠠᠵᠢᠯ ᠬᠤᠪᠢᠶᠠᠷᠢᠯᠠᠨ ᠬᠠᠷᠢᠭᠤᠴᠠᠵᠤ᠂ ᠪᠥᠬᠦ ᠬᠤᠲᠠ  ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠲᠠᠯ᠎ᠠ ᠶᠢᠨ ᠬᠢᠨ ᠶᠡᠭᠡ ᠪᠠᠷ ᠳᠡᠮᠵᠢᠵᠦ᠂ 12 ᠳ᠋ᠤᠭᠠᠷ ᠰᠠᠷ᠎ᠠ ᠶᠢᠨ 6 ᠤ ᠡᠳᠦᠷ ᠤᠨ ᠥᠷᠯᠥᠭᠡ᠂ ᠬᠥᠯᠥᠨ ᠪᠣᠶᠢᠷ ᠤᠨ ︽ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠣᠭᠤᠳᠠᠯ︾ PC ᠦᠵᠦᠭᠦᠷ ᠪᠠ ᠰᠢᠯᠵᠢᠮᠡᠯ ᠦᠵᠦᠭᠦᠷ ᠤᠨ ᠬᠡᠪᠯᠡᠯ ᠢ ᠰᠦᠯᠵᠢᠶᠡᠨ ᠳᠤ ᠲᠤᠷᠰᠢᠨ ᠠᠵᠢᠯᠯᠠᠭᠤᠯᠪᠠ ᠃ ᠣᠳᠣᠬᠠᠨ ᠳᠤ᠂ ᠬᠥᠯᠥᠨ ᠪᠣᠶᠢᠷ ᠤᠨ ︽ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠣᠭᠤᠳᠠᠯ︾  ᠤᠨ ᠺᠣᠮᠫᠢᠦ᠋ᠲ᠋ᠧᠷ ᠤᠨ PC ᠦᠵᠦᠭᠦᠷ ᠪᠠ ᠭᠠᠷ ᠤᠲᠠᠰᠤᠨ ᠤ ᠰᠢᠯᠵᠢᠮᠡᠯ ᠦᠵᠦᠭᠦᠷ ᠨᠢᠭᠡᠨᠲᠡ ᠵᠢᠩᠬᠢᠨᠢ ᠪᠠᠷ ᠠᠵᠢᠯᠯᠠᠵᠤ᠂ ᠷᠠᠳᠢᠣ᠋ ᠲᠧᠯᠸᠢᠰ ᠤᠨ TV ᠦᠵᠦᠭᠦᠷ ᠴᠦ ᠰᠦᠯᠵᠢᠶᠡᠨ ᠳᠤ ᠭᠠᠷᠴᠤ᠂ ᠶᠠᠭ ᠲᠣᠬᠢᠷᠠᠭᠤᠯᠤᠨ ᠲᠤᠷᠰᠢᠵᠤ ᠪᠠᠶᠢᠨ᠎ᠠ᠃      ᠬᠥᠯᠥᠨ ᠪᠣᠶᠢᠷ ᠤᠨ ︽ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠤᠭᠤᠳᠠᠯ︾ ᠶᠢᠨ ᠭᠤᠤᠯ ᠴᠣᠭᠴᠠ ᠪᠣᠯ ᠰᠣᠶᠣᠯ ᠤᠨ ᠡᠬᠢ ᠪᠠᠶᠠᠯᠢᠭ ᠤᠨ ᠬᠥᠮᠥᠷᠭᠡ ᠪᠣᠯᠤᠨ᠎ᠠ᠂ ᠲᠣᠰ ᠬᠥᠮᠥᠷᠭᠡ ᠨᠢ ︽ᠤᠷᠠᠯᠢᠭ︾ ᠢᠶᠠᠷ ᠬᠢᠵᠢᠭ ᠲᠠᠢ ᠲᠡᠮᠡᠴᠡᠬᠦ᠂ ︽ᠤᠩᠰᠢᠬᠤ︾ ᠪᠠᠷ ᠬᠤᠤᠷ ᠢ ᠠᠷᠢᠯᠭᠠᠬᠤ᠂ ᠣᠯᠠᠨ ᠲᠦᠮᠡᠨ ᠤ ᠰᠣᠶᠣᠯ ᠤᠨ ᠥᠴᠦᠬᠡᠨ ᠬᠦᠴᠦ᠂ ᠪᠣᠳᠠᠰ ᠤᠨ ᠪᠤᠰᠤ ᠰᠣᠶᠣᠯ ᠤᠨ ᠥᠪ ᠢ ᠰᠦᠯᠵᠢᠶ᠎ᠡ ᠪᠠᠷ ᠦᠵᠡᠬᠦ᠂ ᠰᠦᠯᠵᠢᠶᠡᠨ ᠳᠡᠭᠡᠷ᠎ᠡ ᠴᠠᠰᠤᠲᠤ ᠲᠠᠯ᠎ᠠ ᠪᠠᠷ ᠵᠢᠭᠤᠯᠴᠢᠯᠠᠬᠤ᠂ ᠲᠦᠮᠡᠨ ᠪᠣᠳᠠᠰ ᠢ ᠲᠣᠭᠤᠷᠢᠨ ᠦᠵᠡᠬᠦ᠂ ᠡᠷᠡᠭᠦᠯ ᠰᠠᠷᠠᠭᠤᠯ ᠰᠣᠶᠣᠯ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ᠂ ᠲᠥᠷᠥ ᠶᠢᠨ ᠪᠣᠳᠣᠯᠭ᠎ᠠ ᠶᠢ ᠹᠠᠺᠰ ᠢᠶᠠᠷ ᠳᠠᠮᠵᠢᠭᠤᠯᠬᠤ᠂ ᠬᠥᠷ ᠬᠥᠭᠵᠢᠶᠡᠨᠲᠡᠶ ᠦᠶᠯᠡᠳᠦᠯᠭᠡᠵᠢᠭᠦᠯᠬᠦ ᠵᠡᠷᠭᠡ 10 ᠭᠤᠤᠯ ᠰᠡᠳᠦᠪᠲᠦ ᠬᠡᠰᠡᠭ ᠢᠶᠠᠷ ᠪᠦᠷᠢᠯᠳᠦᠵᠡᠶ᠃ ᠣᠳᠣᠬᠠᠨ ᠳᠤ᠂ ᠠᠷᠤ ᠲᠠᠪᠴᠠᠩ ᠤᠨ ᠡᠬᠢ ᠪᠠᠶᠠᠯᠢᠭ ᠤᠨ ᠨᠥᠭᠡᠴᠡᠯᠡᠯᠲᠡ ᠶᠢᠨ ᠬᠥᠮᠥᠷᠭᠡ ᠳᠤ ᠤᠷᠤᠭᠤᠯᠤᠭᠰᠠᠨ ᠠᠭᠤᠯᠭ᠎ᠠ 2470ᠪᠠᠶᠢᠵᠤ᠂ ᠥᠷᠭᠡᠨ ᠣᠯᠠᠨ ᠬᠤᠲᠠ ᠶᠢᠨ ᠠᠷᠠᠳ ᠰᠣᠶᠣᠯ ᠵᠢᠭᠤᠯᠴᠢᠯᠠᠯ ᠤᠨ ᠳᠠᠮᠵᠢᠭᠤᠯᠭ᠎ᠠ ᠶᠢᠨ ᠵᠢᠭᠰᠠᠭᠠᠯ  ᠳᠤ ᠬᠢ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ᠂ ᠬᠦᠲᠦᠴᠢ ᠶᠢᠨ ᠶᠠᠪᠤᠴᠠ ᠶᠣᠰᠣᠭᠠᠷ ᠪᠠᠭᠤᠯᠭᠠᠬᠤ ᠪᠤᠶᠤ ᠰᠦᠯᠵᠢᠶᠡᠨ ᠳᠡᠭᠡᠷ᠎ᠡ ᠠᠴᠠ ᠦᠵᠡᠵᠦ ᠪᠣᠯᠤᠨ᠎ᠠ᠃      ︽ᠪᠢᠳᠡ ᠬᠢᠵᠢᠭ ᠲᠠᠢ ᠲᠡᠮᠡᠴᠡᠬᠦ ᠹᠷᠣᠨᠲ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠠᠩᠬᠠᠷᠴᠤ᠂ ᠠᠷᠠᠳ ᠣᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ︿ᠬᠢᠵᠢᠭ ᠲᠠᠢ ᠲᠡᠮᠡᠴᠡᠵᠦ ᠪᠠᠶᠢᠭ᠎ᠠ ᠠᠵᠢᠯᠳᠠᠳ ᠤᠨ ᠲᠣᠰᠣ ᠨᠡᠮᠡᠬᠦ ᠥᠷᠲᠡᠭᠡ᠂ ᠬᠦᠯ ᠬᠤᠷᠢᠵᠤ ᠪᠠᠶᠢᠭ᠎ᠠ ᠣᠯᠠᠨ ᠲᠦᠮᠡᠨ ᠤ ᠣᠶᠤᠨ ᠰᠠᠨᠠᠭᠠᠨ ᠤ ᠬᠦᠨᠡᠰᠦ᠂ ᠠᠷᠠᠳ ᠣᠯᠠᠨ ᠤ ᠳᠡᠷᠭᠡᠳᠡᠬᠢ ᠰᠣᠶᠣᠯ ᠤᠨ ᠣᠷᠳᠣᠨ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠡᠭᠦᠯᠡᠨ ᠬᠢᠴᠢᠶᠡᠯ ᠤᠨ ᠲᠠᠩᠬᠢᠮ﹀ ᠢᠶᠠᠷ ᠬᠠᠷᠠᠯᠲᠠ ᠪᠣᠯᠭᠠᠵᠤ᠂ ᠰᠣᠷᠪᠤᠯᠵᠢ ︵ᠰᠣᠶᠣᠯ ᠤᠨ ᠡᠬᠢ ᠪᠠᠶᠠᠯᠢᠭ ᠤᠨ ᠵᠣᠬᠢᠶᠠᠨ ᠪᠦᠲᠦᠭᠡᠬᠦ ᠰᠢᠰᠲ᠋ᠧᠮ︶᠂ ᠬᠥᠮᠥᠷᠭᠡ ︵ᠰᠣᠶᠣᠯ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ︶᠂ ᠦᠵᠦᠭᠦᠷ ︵ᠰᠣᠶᠣᠯ ᠤᠨ ᠡᠬᠢ ᠪᠠᠶᠠᠯᠢᠭ ᠤᠨ ᠳᠠᠮᠵᠢᠭᠤᠯᠭ᠎ᠠ ᠶᠢᠨ ᠲᠠᠪᠴᠠᠩ︶ ᠵᠡᠷᠭᠡ 3 ᠬᠡᠰᠡᠭ  ᠢᠶᠠᠷ ᠪᠦᠷᠢᠯᠳᠦᠭᠰᠡᠨ ᠬᠥᠯᠥᠨ ᠪᠣᠶᠢᠷ ᠤᠨ ︿ᠬᠢᠵᠢᠭ ᠲᠠᠢ ᠲᠡᠮᠡᠴᠡᠬᠦ ᠰᠣᠶᠣᠯ ᠤᠨ ᠡᠬᠢ ᠪᠠᠶᠠᠯᠢᠭ ᠤᠨ ᠪᠤᠭᠤᠳᠠᠯ﹀ ᠢ ᠪᠠᠶᠢᠭᠤᠯᠵᠤ᠂ ᠰᠣᠶᠣᠯ ᠤᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠪᠥᠬᠦ ᠬᠤᠲᠠ ᠶᠢᠨ ᠪᠣᠭᠤᠮᠲᠠ ᠰᠢᠪᠲᠤᠯᠬᠤ ᠬᠠᠮᠲᠤᠷᠠᠯ ᠬᠦᠴᠦᠨ ᠢ ᠨᠢᠭᠲᠠᠷᠠᠭᠤᠯᠪᠠ︾ ᠭᠡᠵᠦ ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠣᠯᠠᠨ ᠨᠡᠶᠢᠲᠡ  ᠶᠢᠨ ᠰᠣᠶᠣᠯ ᠤᠨ ᠰᠠᠯᠠᠭᠠᠨ ᠤ ᠳᠠᠷᠤᠭ᠎ᠠ ᠯᠢ ᠬᠤᠩ ᠬᠡᠯᠡᠵᠡᠶ᠃      ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠪᠠ ᠬᠥᠯᠥᠨ ᠪᠣᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠢᠵᠢᠭ ᠲᠠᠢ ᠲᠡᠮᠡᠴᠡᠬᠦ ᠰᠢᠪᠲᠤᠯᠤᠯᠲᠠ ᠶᠢᠨ ᠳᠠᠶᠢᠯᠠᠯᠳᠤᠭᠠᠨ ᠳᠤᠮᠳᠠᠬᠢ ᠰᠣᠶᠣᠯ ᠤᠨ ᠣᠶᠤᠨ ᠰᠠᠨᠠᠭᠠᠨ ᠤ ᠬᠥᠳᠡᠯᠭᠡᠬᠦ ᠬᠦᠴᠦᠨ᠂ ᠦᠵᠡᠯ ᠰᠠᠨᠠᠭᠠᠨ ᠤ ᠪᠠᠲᠤᠯᠠᠭ᠎ᠠ ᠪᠠ ᠶᠠᠷᠢᠶ᠎ᠠ ᠬᠡᠯᠡᠯᠴᠡᠭᠡᠨ ᠤ ᠳᠡᠮᠵᠢᠯᠭᠡ ᠶᠢᠨ ᠦᠶᠯᠡᠳᠦᠯ ᠢ ᠪᠠᠳᠠᠷᠠᠭᠤᠯᠪᠠ᠃ ᠬᠡᠷᠡᠭᠴᠡᠭᠡ ᠱᠠᠭᠠᠷᠳᠠᠯᠭ᠎ᠠ  ᠳᠤ ᠠᠩᠬᠠᠷᠤᠯ ᠢᠶᠠᠨ ᠲᠥᠪᠯᠡᠷᠡᠭᠦᠯᠬᠦ᠂ ᠡᠬᠢ ᠪᠠᠶᠠᠯᠢᠭ ᠢ ᠲᠥᠪᠯᠡᠷᠡᠭᠦᠯᠬᠦ᠂ ᠲᠣᠭᠠᠴᠢᠯᠠᠭᠰᠠᠨ ᠡᠨᠧᠷᠭᠢ ᠣᠯᠭᠤᠬᠤ᠂ ᠵᠠᠭᠤᠴᠢᠯᠠᠭᠤᠷ ᠤᠨ ᠠᠭᠤᠰᠤᠯᠴᠠᠯ ᠢᠶᠠᠷ ᠳᠠᠮᠵᠢᠭᠤᠯᠤᠨ᠂ PC᠂ ᠰᠢᠯᠵᠢᠭᠡ ᠬᠤᠯᠪᠣᠭ᠎ᠠ ᠪᠣᠯᠤᠨ TV ᠭᠤᠷᠪᠠ ᠶᠢ ᠨᠢᠭᠡ ᠴᠤᠬᠴᠠᠵᠢᠭᠤᠯᠤᠬᠰᠠᠨ᠂ ᠰᠣᠷᠪᠤᠯᠵᠢ᠂ ᠬᠥᠮᠥᠷᠭᠡ᠂ ᠦᠵᠦᠭᠦᠷ ᠤᠨ ᠬᠡᠯᠬᠢᠶᠡᠵᠢᠨ ᠠᠵᠢᠯᠯᠠᠬᠤ ᠰᠣᠶᠣᠯ ᠤᠨ ᠳᠠᠮᠵᠢᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠭᠤᠣᠯ ᠰᠡᠳᠦᠪᠴᠢᠯᠡᠭᠰᠡᠨ᠂ ᠲᠣᠭᠠᠴᠢᠯᠠᠭᠰᠠᠨ᠂ ᠢᠯᠭᠠᠭᠠᠵᠢᠭᠤᠯᠤᠭᠰᠠᠨ ᠡᠯᠧᠺᠲᠷᠣᠨ ᠨᠣᠮ ᠪᠢᠴᠢᠭ᠂ MV᠂ ᠣᠬᠤᠷ ᠸᠢᠳᠢᠣ᠋ ᠵᠡᠷᠭᠡ ᠪᠦᠲᠦᠭᠡᠯ ᠢᠶᠠᠷ ᠥᠷᠭᠡᠨ ᠤᠯᠠᠨ ᠬᠤᠳᠠ ᠶᠢᠨ ᠠᠷᠠᠳ ᠲᠤ ᠭᠡᠷ ᠠᠴᠠ ᠪᠠᠨ ᠭᠠᠷᠬᠤ ᠦᠭᠡᠢ ᠭᠡᠰᠡᠨ ᠴᠤ ᠰᠣᠶᠣᠯ ᠤᠨ ᠨᠢᠵᠢᠭᠢᠷ ᠳᠠᠶᠢᠯᠠᠯᠭ᠎ᠠ  ᠶᠢ ᠡᠳ᠋ᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ  ᠶᠢ ᠤᠯᠬᠤ ᠳᠤ ᠲᠠᠰᠤᠷᠠᠰᠢ ᠦᠭᠡᠢ ᠰᠣᠶᠣᠯ ᠤᠨ ᠬᠦᠴᠦᠨ ᠴᠢᠳᠠᠯ ᠢ ᠨᠡᠮᠡᠷᠢᠯᠡᠪᠡ᠃
 
ᠢᠷᠡᠯᠲᠡ᠄ ᠬᠥᠯᠥᠨ ᠪᠣᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号