ᠬᠢᠩᠭᠠᠨ ᠠᠶᠢᠮᠠᠭ ᠤᠨ ᠰᠣᠶᠣᠯ ᠪᠠ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠦᠯᠬᠦᠮ ᠳᠠᠭᠠᠭᠤᠯᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/12/25
     12 ᠳ᠋ᠤᠭᠠᠷ ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ  ᠤᠨ ᠲᠣᠪᠴᠢᠶ᠎ᠠ ᠪᠠᠶᠢᠴᠠᠭᠠᠬᠤ ᠳᠤᠭᠤᠶᠢᠯᠠᠩ ᠪᠠᠶᠢᠭᠤᠯᠤᠨ ᠲᠦᠴᠢᠦᠸᠠᠨ ᠰᠢᠶᠠᠨ ᠳᠤ ᠬᠦᠷᠴᠦ ᠠᠯᠲᠠᠨ ᠤᠯᠤᠰ  ᠤᠨ ᠰᠡᠷᠭᠡᠶᠢᠯᠡᠯᠲᠡ ᠶᠢᠨ ᠰᠤᠪᠠᠭ ᠤᠨ ᠪᠠᠭᠤᠷᠢ ᠶᠢᠨ ᠠᠶᠤᠯ ᠠᠴᠠ ᠠᠪᠤᠷᠠᠨ ᠪᠠᠬᠢᠵᠢᠭᠦᠯᠬᠦ ᠢᠨᠵᠧᠨᠧᠷᠢᠩ ᠢ ᠬᠢᠨᠠᠨ ᠵᠢᠯᠣᠭᠤᠳᠴᠤ᠂ ᠲᠦᠴᠢᠦᠸᠠᠨ ᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ᠂ ᠤᠨᠴᠠᠭᠠᠶᠢᠯᠠᠨ ᠴᠠᠨᠠᠯᠠᠬᠤ ᠲᠠᠯᠠᠪᠠᠶ ᠶᠢᠨ ᠡᠵᠡᠩᠨᠡᠯᠲᠡ ᠵᠢᠴᠢ ᠬᠥᠭᠵᠢᠯᠲᠡ ᠶᠢ ᠲᠤᠬᠠᠶ ᠶᠢᠨ ᠭᠠᠵᠠᠷ ᠲᠤ ᠨᠢ ᠬᠢᠨᠠᠨ ᠵᠢᠯᠣᠭᠤᠳᠴᠤ᠂ A ᠲᠠᠰ  ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯᠭᠦᠢ  ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠵᠢᠭᠠᠨ ᠵᠢᠯᠣᠭᠤᠳᠪᠠ  ᠃
     ᠪᠠᠶᠢᠴᠠᠭᠠᠯᠲᠠ ᠶᠢᠨ ᠳᠤᠭᠤᠶᠢᠯᠠᠩ ᠲᠦᠴᠢᠦᠸᠠᠨ ᠰᠢᠶᠠᠨ ᠤ ᠬᠠ ᠮᠠ ᠵᠢᠶᠠ ᠲᠤᠰᠬᠤᠨ  ᠤ ᠵᠠᠩ ᠵᠢᠶᠠ ᠵᠢᠶ᠋ᠸᠧ ᠵᠡᠭᠡᠯᠢ  ᠶᠢᠨ ᠬᠤᠶᠠᠳᠤᠭᠠᠷ ᠬᠡᠰᠡᠭᠯᠡᠯ ᠤᠨ ᠠᠯᠲᠠᠨ ᠤᠯᠤᠰ ᠤᠨ ᠰᠡᠷᠭᠡᠶᠢᠯᠡᠯᠲᠡ ᠶᠢᠨ ᠰᠤᠪᠠᠭ ᠤᠨ ᠪᠠᠭᠤᠷᠢ  ᠶᠢᠨ ᠠᠶᠤᠯ ᠠᠴᠠ ᠠᠪᠤᠷᠠᠨ ᠪᠠᠬᠢᠵᠢᠭᠦᠯᠬᠦ ᠢᠨᠵᠧᠨᠧᠷᠢᠩ ᠢ ᠲᠤᠬᠠᠢ ᠶᠢᠨ ᠭᠠᠵᠠᠷ ᠲᠤ ᠨᠢ ᠱᠠᠯᠠᠪᠳᠠᠭᠤᠯᠤᠨ ᠵᠢᠯᠣᠭᠤᠳᠴᠤ᠂ ᠢᠨᠵᠧᠨᠧᠷᠢᠩ ᠤᠨ ᠠᠬᠢᠴᠠ ᠶᠢ ᠱᠠᠯᠠᠪᠳᠠᠭᠤᠯᠤᠨ ᠱᠠᠭᠠᠷᠳᠠᠵᠤ᠂ ᠢᠨᠵᠧᠨᠧᠷᠢᠩ ᠢ ᠵᠢᠭᠠᠨ ᠵᠢᠯᠣᠭᠤᠳᠴᠤ ᠪᠠᠶᠢᠭᠠᠳ ᠲᠦᠷᠪᠡᠨ ᠡᠲᠡᠭᠡᠳ ᠤᠨ ᠠᠩᠬᠠᠨ ᠤ ᠬᠢᠨᠠᠯᠲᠠ᠂ ᠪᠡᠯᠡ ᠮᠥᠩᠭᠦ ᠰᠢᠯᠵᠢᠭᠦᠯᠦᠨ ᠥᠭᠬᠦ ᠵᠢᠴᠢ ᠢᠨᠵᠧᠨᠧᠷᠢᠩ ᠢ ᠰᠢᠯᠭᠠᠨ ᠠᠪᠬᠤ ᠶᠢ ᠲᠦᠷᠭᠡᠨ ᠪᠡᠶᠡᠯᠡᠭᠦᠯᠪᠡ  ᠃
     ᠪᠠᠶᠢᠴᠠᠭᠠᠬᠤ ᠳᠤᠭᠤᠶᠢᠯᠠᠩ ᠤᠨ ᠬᠢᠨ ᠲᠦᠴᠢᠦᠸᠠᠨ ᠤ ᠬᠠᠯᠠᠭᠤᠨ ᠷᠠᠰᠢᠶᠠᠨ ᠤ ᠴᠠᠨᠠᠯᠠᠬᠤ ᠲᠠᠯᠠᠪᠠᠢ ᠳᠤ ᠬᠦᠷᠴᠦ᠂ ᠴᠠᠨᠠᠯᠠᠬᠤ ᠲᠠᠯᠠᠪᠠᠢ ᠶᠢᠨ ᠤᠢᠢᠷ᠎ᠠ ᠶᠢᠨ ᠵᠢᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠦᠵᠡᠮᠵᠢ ᠶᠢᠨ ᠣᠷᠣᠨ ᠤ ᠬᠢᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠱᠠᠭᠠᠷᠳᠠᠯᠭ᠎ᠠ ᠶᠣᠰᠣᠭᠠᠷ ᠦᠵᠡᠮᠵᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠱᠠᠯᠠᠪᠳᠠᠭᠤᠯᠤᠨ ᠱᠠᠭᠠᠷᠳᠠᠵᠤ᠂ ᠴᠠᠨᠠᠯᠠᠬᠤ ᠲᠠᠯᠠᠪᠠᠢ ᠶᠢ ᠵᠢᠯᠣᠭᠤᠳᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠤᠨ ᠪᠠᠷᠢᠮᠵᠢᠶ᠎ᠠ ᠪᠠᠷ ᠲᠡᠰ ᠳᠡᠪᠰᠢᠭᠦᠯᠵᠦ᠂ ᠪᠦᠬᠦ ᠠᠶᠢᠮᠠᠭ ᠤᠨ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠵᠠᠮ ᠢ ᠢᠳᠡᠪᠬᠢᠲᠡᠢ ᠲᠥᠯᠥᠪᠯᠡᠪᠡ  ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号