︽ᠰᠣᠶᠣᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ    ᠣᠯᠠᠨ ᠲᠦᠮᠡᠨ ᠤ ᠰᠣᠶᠣᠯ ᠤᠨ ᠴᠤᠭ ᠵᠢᠪᠬᠤᠭ᠎ᠠ ᠶᠢ ᠭᠠᠶᠢᠬᠠᠭᠤᠯᠤᠨᠠᠮ︾ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠰᠣᠶᠣᠯ ᠤᠨ ᠣᠷᠳᠣᠨ  ᠤ ᠲᠤᠰᠬᠠᠢ ᠮᠡᠷᠭᠡᠵᠢᠯ ᠤᠨ ᠠᠵᠢᠯᠲᠠᠨ ᠤ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ — ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ ᠤᠨ ᠦᠵᠡᠰᠬᠦᠯᠡᠩ  ᠶᠠᠪᠤᠭᠳᠠᠪᠠ
ᠨᠡᠶᠢᠲᠡᠯᠡᠭᠰᠡᠨ ᠴᠠᠭ᠄
2021/12/25
     12 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽ᠰᠣᠶᠣᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ   ᠣᠯᠠᠨ ᠲᠦᠮᠡᠨ ᠤ ᠰᠣᠶᠣᠯ ᠤᠨ ᠴᠤᠭ ᠵᠢᠪᠬᠤᠭ᠎ᠠ ᠶᠢ ᠭᠠᠶᠢᠬᠠᠭᠤᠯᠤᠨᠠᠮ︾ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠰᠣᠶᠣᠯ ᠤᠨ ᠣᠷᠳᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ — ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ ᠤᠨ ᠦᠵᠡᠰᠬᠦᠯᠡᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃
     ᠲᠣᠰ ᠤᠳᠠᠭᠠᠨ ᠤ ᠦᠵᠡᠰᠬᠦᠯᠡᠩ ᠪᠣᠯ ᠮᠠᠨ ᠤ ᠣᠷᠣᠨ ᠤ ᠡᠷᠭᠢᠯᠡᠭᠰᠡᠨ ᠰᠣᠶᠣᠯ ᠤᠨ ᠣᠷᠳᠣᠨ ︵ᠥᠷᠲᠡᠭᠡ ︶ ᠤ ᠲᠤᠰᠬᠠᠶ ᠮᠡᠷᠭᠡᠵᠢᠯ ᠤᠨ ᠠᠵᠢᠯᠲᠠᠨ ᠤ ᠨᠢᠭᠡ ᠤᠳᠠᠭᠠᠨ ᠤ ᠨᠡᠯᠢᠶᠡᠳ ᠥᠨᠳᠥᠷ ᠬᠡᠪ ᠪᠠᠷᠢᠮᠵᠢᠶ᠎ᠠ ᠪᠥᠬᠦᠶ ᠠᠵᠢᠯᠯᠠᠭ᠎ᠠ ᠪᠣᠯᠤᠨ᠎ᠠ᠂ ᠨᠡᠶᠢᠲᠡ 400 ᠭᠠᠷᠤᠶ ᠪᠦᠲᠦᠭᠡᠯ ᠢ  ᠡᠯᠰᠡᠵᠦ᠂ 93 ᠪᠦᠲᠦᠭᠡᠯ ᠢ ᠳᠡᠯᠭᠡᠨ ᠦᠵᠡᠭᠦᠯᠪᠡ᠂ ᠡᠭᠦᠨ ᠳᠤ ᠤᠷᠠᠨ ᠵᠢᠷᠤᠭ ᠤᠨ ᠪᠦᠲᠦᠭᠡᠯ 38᠂ ᠤᠷᠠᠨ ᠪᠢᠴᠢᠯᠭᠡ ᠶᠢᠨ ᠪᠦᠲᠦᠭᠡᠯ 15᠂ ᠬᠡᠷᠡᠯ ᠵᠢᠷᠤᠭ ᠤᠨ ᠪᠦᠲᠦᠭᠡᠯ 40 ᠪᠣᠶ᠃ ᠦᠵᠡᠰᠬᠦᠯᠡᠩ ᠳᠤ ᠣᠷᠣᠯᠴᠠᠭᠰᠠᠨ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ ᠤᠨ ᠪᠦᠲᠦᠭᠡᠯ ᠤᠨ ᠭᠤᠤᠯ ᠰᠡᠳᠦᠪ ᠢᠯᠡ ᠲᠣᠳᠣ᠂ ᠤᠳᠬ᠎ᠠ ᠰᠠᠨᠠᠭ᠎ᠠ ᠠᠯᠤᠰ ᠬᠡᠲᠦ ᠶᠢᠨ᠂ ᠰᠡᠳᠬᠢᠮᠵᠢ ᠨᠠᠷᠢᠯᠢᠭ ᠪᠠᠶᠢᠵᠤ᠂ ᠮᠠᠨ ᠤ ᠣᠷᠣᠨ ᠤ ᠣᠯᠠᠨ ᠲᠦᠮᠡᠨ ᠤ  ᠰᠤᠶᠤᠯ ᠤᠨ ᠠᠵᠢᠯᠲᠠᠳ ᠤᠨ ᠰᠢᠯᠢᠳᠡᠭ ᠰᠣᠶᠣᠯ ᠤᠨ ᠬᠡᠪ ᠪᠣᠯᠪᠠᠰᠤᠷᠠᠯ ᠢ ᠲᠥᠪᠯᠡᠷᠡᠩᠭᠦᠶ ᠢᠯᠡᠷᠡᠭᠦᠯᠵᠦ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ  ᠤᠨ ᠠᠵᠢᠯᠲᠠᠳ ᠤᠨ ᠨᠠᠮ᠂ ᠨᠤᠲᠤᠭ ᠤᠰᠤ᠂ ᠠᠷᠠᠳ ᠲᠦᠮᠡᠨ ᠳᠤ ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ  ᠲᠠᠢ ᠪᠠᠶᠢᠬᠤ ᠪᠠ ᠠᠭᠤᠤ ᠶᠡᠭᠡ ᠡᠬᠡ ᠤᠯᠤᠰ ᠲᠤ ᠪᠠᠨ ᠴᠢᠩ ᠦᠨᠡᠨᠴᠢ ᠵᠥᠩᠨᠡᠯ ᠳᠡᠪᠰᠢᠭᠦᠯᠵᠦ ᠪᠠᠶᠢᠬᠤ ᠶᠢ ᠢᠯᠡᠳᠬᠡᠪᠡ᠃
     ᠲᠤᠰ ᠤᠳᠠᠭᠠᠨ ᠤ ᠦᠵᠡᠰᠭᠦᠯᠡᠩ ᠨᠢ ᠬᠤᠶᠢᠰᠢᠳᠠ ᠰᠣᠶᠣᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠨᠡᠩ ᠰᠠᠶᠢᠲᠤᠷ ᠵᠣᠬᠢᠴᠠᠬᠤ ᠳᠤ ᠪᠠᠲᠤ ᠪᠠᠬᠢ ᠲᠤᠬᠠᠶᠢᠯᠠᠭᠰᠠᠨ ᠠᠵᠢᠯ ᠤᠨ ᠰᠠᠭᠤᠷᠢ ᠲᠠᠯᠪᠢᠪᠠ᠃ ᠪᠥᠬᠦ ᠣᠷᠣᠨ ᠤ ᠰᠣᠶᠣᠯ ᠤᠨ ᠣᠷᠳᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠤᠷ᠎ᠠ ᠴᠢᠳᠠᠪᠤᠷᠢ ᠶᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠬᠦ ᠨᠢ ᠰᠣᠶᠣᠯ ᠤᠨ ᠣᠷᠳᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠣᠷᠣᠨ ᠤ ᠰᠣᠶᠣᠯ ᠤᠨ ᠣᠷᠳᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠤ ᠪᠥᠬᠦ ᠲᠠᠯ᠎ᠠ ᠶᠢᠨ ᠰᠢᠯᠭᠠᠯᠲᠠ ᠪᠠ  ᠪᠤᠯᠪᠠᠰᠤᠷᠠᠭᠤᠯᠭ᠎ᠠ ᠪᠣᠯᠤᠨ᠎ᠠ᠃ ᠠᠵᠢᠯᠯᠠᠭ᠎ᠠ ᠨᠢ ᠮᠠᠨ ᠤ ᠣᠷᠣᠨ ᠤ ᠰᠣᠶᠣᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠷᠭᠡᠵᠢᠯ ᠴᠢᠳᠠᠪᠤᠷᠢ ᠥᠨᠳᠥᠷ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠦᠢᠯᠡᠴᠢᠯᠡᠭᠡ ᠰᠢᠯᠢᠳᠡᠭ᠂ ᠬᠡᠪ ᠪᠣᠯᠪᠠᠰᠤᠷᠠᠯ ᠰᠠᠶᠢᠨ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ  ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号