︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠵᠦ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/25
     ᠨᠢᠭᠡ᠂ ᠵᠣᠷᠢᠯᠲᠠ      ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ  ᠤᠨ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠪᠣᠳᠠᠰ  ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠦᠪᠯᠡᠨ ᠤᠯᠠᠮᠵᠢᠯᠠᠭᠴᠢ︾ ᠭᠡᠵᠦ ᠲᠣᠪᠴᠢᠯᠠᠨ᠎ᠠ︶ ᠶᠢᠨ ᠬᠠᠮᠢᠶᠠᠷᠤᠯᠲᠠ ᠶᠢ ᠵᠢᠷᠤᠮᠵᠢᠭᠤᠯᠬᠤ  ᠶᠢᠨ ᠲᠤᠰᠠᠳᠠ ᠶᠤᠮ᠃      ᠬᠤᠶᠠᠷ᠂ ᠦᠨᠳᠦᠰᠦᠯᠡᠯ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠦᠨᠳᠦᠰᠦᠯᠡᠨ᠂ ︽ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠲᠣᠭᠲᠠᠭᠠᠬᠤ ᠪᠠ ᠬᠠᠮᠢᠶᠠᠷᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠲᠣᠭᠲᠠᠭᠠᠬᠤ ᠪᠠ ᠬᠠᠮᠢᠶᠠᠷᠬᠤ ᠠᠷᠭ᠎ᠠ︾ ᠵᠡᠷᠭᠡ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ  ᠤᠶᠠᠯᠳᠤᠭᠤᠯᠵᠠᠢ᠃      ᠭᠤᠷᠪᠠ᠂ ᠵᠠᠷᠴᠢᠮ      ᠥᠪᠡᠷᠲᠡᠭᠡᠨ ᠵᠠᠰᠠᠬᠤ ᠣᠷᠣᠨ ᠤ ᠳᠡᠰ ᠤᠨ ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠬᠦ ᠠᠵᠢᠯ ︵ᠳᠣᠷᠣᠭᠰᠢ ︽ᠦᠨᠡᠯᠡᠨ ᠵᠢᠱᠢᠬᠦ ᠠᠵᠢᠯ︾ ᠭᠡᠵᠦ ᠲᠣᠪᠴᠢᠯᠠᠨ᠎ᠠ︶ ᠨᠢ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠬᠤ ᠵᠠᠷᠴᠢᠮ ᠢ ᠵᠢᠷᠤᠮᠯᠠᠨ᠂ ᠵᠢᠯ ᠪᠦᠷᠢ ᠨᠢᠭᠡ ᠤᠳᠠᠭ᠎ᠠ ᠦᠷᠨᠢᠭᠦᠯᠦᠨ᠎ᠡ᠃      ᠳᠥᠷᠪᠡ᠂ ᠦᠨᠡᠯᠡᠨ ᠵᠢᠱᠢᠵᠦ ᠰᠢᠯᠭᠠᠨ ᠠᠪᠬᠤ      ︵ᠨᠢᠭᠡ︶ ᠥᠪᠡᠷᠲᠡᠭᠡᠨ ᠵᠠᠰᠠᠬᠤ ᠣᠷᠣᠨ ᠤ ᠳᠡᠰ ᠤᠨ ᠦᠪᠯᠡᠨ ᠤᠯᠠᠮᠵᠢᠯᠠᠭᠴᠢ ᠡᠷᠡᠭᠦᠯ ᠮᠡᠨᠳᠦ ᠪᠤᠶᠤ ᠪᠤᠰᠤᠳ ᠪᠤᠰᠤᠳᠴᠢ ᠰᠢᠯᠲᠠᠭᠠᠨ ᠠᠴᠠ ᠪᠣᠯᠵᠤ ᠤᠯᠠᠮᠵᠢᠯᠠᠨ ᠰᠤᠷᠬᠤ ᠡᠭᠦᠷᠭᠡ ᠪᠠᠨ ᠭᠦᠢᠴᠡᠳᠬᠡᠬᠦ ᠶᠢ ᠨᠥᠯᠥᠭᠡᠯᠡᠭᠰᠡᠨ ᠪᠣᠯ᠂ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠪᠠᠶᠢᠭᠤᠯᠤᠮᠵᠢ  ᠳᠤ ᠣᠨ ᠤ ᠦᠨᠡᠯᠡᠨ ᠵᠢᠱᠢᠬᠦ ᠠᠵᠢᠯ ᠳᠤ ᠦᠯᠦ ᠣᠷᠣᠯᠴᠠᠬᠤ ᠭᠤᠶᠤᠴᠢᠯᠠᠯ ᠢᠶᠠᠨ ᠳᠤᠷᠠᠳᠴᠤ᠂ ᠠᠶᠢᠮᠠᠭ ᠬᠤᠲᠠ  ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠪᠠᠶᠢᠭᠤᠯᠤᠮᠵᠢ ᠬᠢᠨᠠᠨ ᠬᠠᠷᠭᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠦᠨᠡᠯᠡᠨ ᠵᠢᠱᠢᠭᠡᠳ ᠬᠢᠷᠢ ᠲᠡᠩᠴᠡᠭᠰᠡᠨ ᠥᠬᠡᠶ ᠥᠪᠡᠷᠲᠡᠭᠡᠨ ᠵᠠᠰᠠᠬᠤ ᠣᠷᠣᠨ ᠤ ᠳᠡᠰ ᠤᠨ ᠦᠪᠯᠡᠨ ᠤᠯᠠᠮᠵᠢᠯᠠᠭᠴᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠨ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠬᠢᠵᠠᠭᠠᠷ ᠬᠤᠭᠤᠴᠠᠭ᠎ᠠ ᠨᠢ 1 ᠵᠢᠯ᠃      ︵ᠭᠤᠷᠪᠠ︶ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ᠂ ᠦᠨᠡᠯᠡᠨ ᠵᠢᠱᠢᠭᠡᠳ ᠮᠥᠨ ᠯᠡ  ᠬᠢᠷᠢ ᠲᠡᠩᠴᠡᠭᠰᠡᠨ ᠦᠭᠡᠶ ᠳᠤᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠳᠡᠰ ᠤᠨ ᠦᠪᠯᠡᠨ ᠤᠯᠠᠮᠵᠢᠯᠠᠭᠴᠢ ᠶᠢᠨ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ ᠨᠡᠶᠢᠲᠡᠯᠡᠨ᠎ᠡ᠃ ᠵᠢᠱᠢᠶᠡᠯᠡᠪᠡᠯ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠰᠣᠶᠣᠯ ᠪᠠ ᠵᠢᠭᠤᠯᠴᠢᠯᠠᠯ ᠤᠨ ᠶᠠᠮᠤᠨ ᠳᠤ ᠮᠡᠳᠡᠭᠦᠯᠦᠨ ᠬᠦᠷᠭᠡᠵᠦ᠂ ᠤᠯᠤᠰ ᠤᠨ ᠲᠠᠰ ᠤᠨ ᠦᠪᠯᠡᠨ ᠤᠯᠠᠮᠵᠢᠯᠠᠭᠴᠢ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢ ᠰᠠᠨᠠᠭᠤᠯᠤᠨ᠎ᠠ᠃      ︵ᠳᠥᠷᠪᠡ︶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ᠂ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠪᠦᠬᠦ ᠶᠠᠪᠤᠴᠠ ᠳᠤ ᠦᠨᠡᠯᠡᠨ ᠵᠢᠱᠢᠬᠦ ᠠᠵᠢᠯ  ᠢ ᠬᠢᠨᠠᠨ᠎ᠠ᠃      ᠨᠠᠩ ᠣᠯᠠᠨ ᠨᠠᠷᠢᠨ ᠪᠠᠶᠢᠳᠠᠯ ᠢ wlt . nmg . gov . cn ᠠᠴᠠ ᠬᠠᠷᠠᠭᠠᠷᠠᠢ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号