ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠣᠷᠣᠨ ᠪᠦᠰᠡ ᠶᠢ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/3
     11 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠣᠷᠣᠨ ᠪᠦᠰᠡ ᠶᠢ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃ ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ  ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠳ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠳᠠᠳ ᠵᠢᠴᠢ ᠭᠤᠤᠯᠳᠠᠯᠭ᠎ᠠ ᠲᠠᠢ ᠬᠤᠰᠢᠭᠤ ᠰᠢᠶᠠᠨ ᠤ ᠲᠤᠬᠠᠶᠢᠯᠠᠭᠰᠠᠨ ᠠᠵᠢᠯ ᠤᠨ ᠠᠵᠢᠯᠲᠠᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠬᠢᠭᠡᠳ ᠬᠠᠭᠤᠴᠢ ᠰᠤᠳᠤᠯᠤᠯ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠤᠨ ᠬᠠᠮᠢᠶ᠎ᠠ ᠪᠥᠬᠦᠶ ᠬᠥᠮᠦᠰ ᠨᠡᠶᠢᠲᠡ 120 ᠭᠠᠷᠤᠶ ᠬᠥᠮᠦᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠦᠨᠡᠯᠡᠨ ᠵᠢᠱᠢᠵᠦ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠠᠶᠢᠷᠢᠯᠠᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠪᠠᠶᠢᠴᠠᠭᠠᠯᠲᠠ ᠶᠢᠨ ᠠᠷᠭ᠎ᠠ ᠵᠢᠴᠢ ᠮᠡᠳᠡᠭᠦᠯᠦᠯᠲᠡ ᠶᠢ ᠨᠠᠶᠢᠷᠠᠭᠤᠯᠤᠨ ᠪᠢᠴᠢᠬᠦ ᠳᠤ ᠪᠣᠳᠠᠲᠠᠶ ᠲᠠᠶᠢᠯᠤᠮᠵᠢ ᠬᠢᠵᠦ᠂ ᠠᠶᠢᠮᠠᠭ ᠬᠤᠲᠠ᠂ ᠬᠤᠰᠢᠭᠤ ᠰᠢᠶᠠᠨ ᠤ ᠪᠣᠳᠠᠲᠠᠶ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ  ᠳᠤ ᠨᠠᠷᠢᠨ ᠲᠣᠳᠣᠷᠬᠠᠶ ᠬᠠᠷᠢᠭᠤᠯᠲᠠ ᠥᠭᠪᠡ  ᠃
     ᠬᠤᠷᠠᠯ ᠠᠴᠠ᠂ ᠣᠷᠣᠨ ᠪᠦᠰᠡ ᠶᠢᠨ ᠦᠨᠡᠯᠡᠯᠲᠡ ᠨᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ 《 ᠲᠠᠯᠪᠢᠬᠤ ᠬᠠᠮᠢᠶᠠᠷᠬᠤ ᠦᠢᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠭᠤᠯᠭ᠎ᠠ ᠪᠣᠯᠤᠨ᠎ᠠ  ᠃ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠡᠭᠦᠷᠭᠡ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠶᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠶᠡᠭᠡ ᠲᠠᠯ᠎ᠠ ᠶᠢᠨ ᠦᠵᠡᠯ ᠤᠬᠠᠮᠰᠠᠷ ᠪᠣᠯᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠨ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠤᠲᠠᠯᠠᠬᠤ᠂ ᠬᠢᠨᠠᠨ ᠬᠠᠷᠭᠤᠭᠤᠯᠬᠤ᠂ ᠳᠠᠩᠰᠠᠯᠠᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠪᠦᠬᠦᠯᠢ ᠴᠣᠭᠴᠠ ᠶᠢᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠭᠰᠡᠨ ᠦᠷ᠎ᠡ ᠪᠦᠲᠦᠭᠡᠯ ᠢ ᠲᠦᠷᠭᠡᠬᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠦᠨᠡᠯᠡᠨ ᠵᠢᠱᠢᠬᠦ ᠬᠠᠮᠲᠤᠷᠠᠭᠰᠠᠨ ᠬᠤᠷᠠᠯ ᠤᠨ ᠲᠦᠷᠢᠮ ᠤᠨ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠶᠡᠭᠡ ᠲᠠᠯ᠎ᠠ ᠶᠢ ᠪᠣᠳᠣᠯᠬᠢᠯᠠᠨ᠂ ᠶᠡᠭᠡ ᠲᠠᠯ᠎ᠠ ᠳᠤ ᠦᠶᠯᠡᠴᠢᠯᠡᠵᠦ᠂ ᠨᠠᠷᠢᠨ ᠨᠢᠮᠪᠠᠶ ᠳᠣᠭᠢᠷᠠᠭᠤᠯᠤᠨ᠂ ᠠᠵᠢᠯ ᠤᠨ ᠬᠤᠭᠤᠴᠠᠭ᠎ᠠ ᠶᠢ ᠤᠷᠢᠳᠴᠢᠯᠠᠨ ᠲᠤᠭᠲᠠᠭᠠᠵᠤ᠂ ᠵᠢᠯ ᠤᠨ ᠰᠡᠭᠦᠯᠴᠢ ᠠᠴᠠ ᠡᠮᠦᠨ᠎ᠡ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ  ᠶᠢ ᠦᠨᠡᠨ ᠬᠦ ᠪᠠᠲᠤᠯᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号