ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠤᠭᠤᠲᠤ ᠬᠤᠲᠠ᠂ ᠣᠷᠳᠣᠰ ᠬᠤᠲᠠ ᠳᠤ ᠭᠦᠨᠵᠡᠭᠡᠶᠢᠷᠡᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠦᠭᠵᠢᠭᠦᠯᠬᠦ ᠶᠢ ᠳᠠᠬᠢᠨ ᠬᠢᠨᠠᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2021/12/3
     11 ᠳ᠋ᠦ᠋ᠭᠡᠷ ᠰᠠᠷ᠎ᠠ ᠶᠢᠨ 25 ᠤ ᠡᠳᠦᠷ ᠠᠴᠠ 29 ᠤ ᠡᠳᠦᠷ ᠪᠣᠯᠲᠠᠯ᠎ᠠ᠂ ︽ᠤᠯᠤᠰ ᠤᠨ ᠣᠯᠠᠨ ᠨᠡᠶᠢᠲᠡ  ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠠᠬᠢᠨ ᠬᠢᠨᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠳᠤ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠯᠠᠨ ᠨᠡᠶᠢᠲᠡ  ᠶᠢᠨ ᠦᠶᠯᠡᠴᠢᠯᠡᠭᠡᠨ ᠤ ᠭᠠᠵᠠᠷ ᠤᠨ ᠳᠠᠷᠤᠭ᠎ᠠ ᠪᠠᠶ ᠵᠢᠶᠦ᠋ᠨ ᠮᠢᠩ ᠨᠡᠷ ᠪᠤᠭᠤᠲᠤ ᠬᠤᠲᠠ᠂ ᠣᠷᠳᠣᠰ ᠬᠤᠲᠠ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠤᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠰᠢᠨᠵᠢᠯᠡᠨ ᠪᠠᠶᠢᠴᠠᠭᠠᠯᠲᠠ ᠪᠠ ᠵᠢᠯᠣᠭᠤᠳᠣᠯᠭ᠎ᠠ ᠬᠢᠪᠠ᠃
     ᠵᠢᠯᠣᠭᠤᠳᠬᠤ ᠳᠤᠭᠤᠶᠢᠯᠠᠩ ᠰᠤᠭᠤᠴᠢᠨ ᠪᠠᠶᠢᠴᠠᠭᠠᠬᠤ ᠠᠷᠭ᠎ᠠ ᠪᠠᠷ ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠨᠢᠭᠡᠳᠦᠯᠲᠡᠶ ᠲᠥᠯᠥᠪᠯᠡᠨ ᠠᠬᠢᠭᠤᠯᠬᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠦᠶᠯᠡᠳᠦᠯ ᠢ ᠪᠠᠳᠠᠷᠠᠭᠤᠯᠬᠤ᠂ ᠵᠠᠷᠤᠳᠠᠯ ᠤᠨ ᠪᠠᠲᠤᠯᠠᠭ᠎ᠠ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠢᠴᠢ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠤᠨ ᠲᠣᠭᠲᠠᠴᠠ ᠵᠡᠷᠭᠡ ᠠᠭᠤᠯᠭ᠎ᠠ ᠶᠢᠨ ᠲᠣᠭᠤᠷᠢᠨ  ᠳᠤ᠂ ᠪᠤᠭᠤᠲᠤ ᠬᠤᠲᠠ᠂ ᠣᠷᠳᠣᠰ ᠬᠤᠲᠠ ᠵᠢᠴᠢ ᠲᠦᠮᠡᠳ ᠪᠠᠷᠠᠭᠤᠨ ᠬᠤᠰᠢᠭᠤ᠂ ᠳ᠋ᠦᠩ ᠾᠧ ᠲᠣᠭᠤᠷᠢᠭ᠂ ᠳᠠᠯᠠᠳ ᠬᠤᠰᠢᠭᠤ᠂ ᠵᠡᠭᠦᠨᠭᠠᠷ ᠬᠤᠰᠢᠭᠤᠨ ᠤ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠵᠡᠷᠭᠡ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ᠂ ᠵᠢᠴᠢ ᠳᠥᠷᠪᠡᠨ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠠᠯᠠᠪᠤᠷ ᠢ ᠲᠤᠬᠠᠢ ᠶᠢᠨ ᠭᠠᠵᠠᠷ ᠲᠤ ᠨᠢ ᠪᠠᠶᠢᠴᠠᠭᠠᠭᠰᠠᠨ ᠤ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠨ᠂ ᠰᠠᠨᠠᠯ ᠰᠠᠨᠠᠭᠤᠯᠭ᠎ᠠ ᠪᠠᠨ ᠳᠤᠷᠠᠳᠪᠠ᠃ ᠪᠤᠭᠤᠲᠤ ᠬᠤᠲᠠ ᠶᠢᠨ ᠡᠭᠦᠳᠦᠨ ᠪᠠᠶᠢᠭᠤᠯᠤᠭᠰᠠᠨ ᠤᠳᠬ᠎ᠠ ᠤᠷᠠᠯᠢᠭ ᠤᠨ ᠪᠦᠯᠬᠦᠮ ᠢ ᠬᠥᠮᠦᠵᠢᠭᠦᠯᠬᠦ ᠲᠣᠭᠲᠠᠴᠠ᠂ ᠣᠷᠳᠣᠰ ᠬᠤᠲᠠ ᠶᠢᠨ ᠨᠣᠮ ᠤᠨ ᠰᠠᠩ ᠤᠨ ᠶᠡᠷᠦᠩᠬᠡᠶ ᠬᠤᠪᠢᠶᠠᠷᠢ ᠣᠷᠳᠣᠨ ᠤ ᠰᠢᠰᠲ᠋ᠧᠮᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ︽ᠮᠠᠯᠠᠨ ᠵᠠᠭᠪᠤᠷ︾ ᠢ ᠨᠣᠲᠠᠯᠠᠵᠤ ᠦᠨᠡᠯᠡᠵᠡᠢ᠃
     ᠵᠢᠯᠣᠭᠤᠳᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠪᠤᠭᠤᠲᠤ ᠬᠤᠲᠠ᠂ ᠣᠷᠳᠣᠰ ᠬᠤᠲᠠ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠤᠯᠤᠰ ᠠᠴᠠ ᠳᠠᠬᠢᠨ ᠬᠢᠨᠠᠬᠤ ᠠᠵᠢᠯ ᠥᠷᠨᠢᠭᠦᠯᠬᠦ ᠪᠠᠷ ᠠᠵᠠ ᠲᠣᠬᠢᠶᠠᠯ ᠢᠶᠠᠨ ᠪᠣᠯᠭᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠂ ᠳᠡᠭᠡᠭᠰᠢᠯᠡᠯᠲᠡ ᠶᠢ ᠰᠢᠪᠳᠠᠭᠤᠯᠵᠤ᠂ ᠴᠠᠭ ᠲᠠᠢ ᠦᠷᠢᠰᠦᠯᠳᠦᠨ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ  ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠤ᠂ ᠤᠶᠤᠨᠲᠤ ᠰᠣᠶᠣᠯ ᠤᠨ ᠲᠠᠯᠠᠪᠤᠷ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠴᠢᠷᠮᠠᠶᠢᠵᠤ ᠪᠡᠶᠡᠯᠡᠭᠦᠯᠦᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃      ᠣᠷᠳᠣᠰ ᠬᠤᠲᠠ᠂ ᠪᠤᠭᠤᠲᠤ ᠬᠤᠲᠠ ᠲᠤᠰ ᠲᠤᠰ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠯᠤᠰ  ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠤ ᠬᠢᠷᠢ ᠬᠡᠮ ᠢ ᠣᠯᠤᠭᠰᠠᠨ ᠠᠴᠠ ᠨᠠᠭᠠᠰᠢ᠂ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠶᠡᠷᠦᠩᠬᠡᠶ ᠳᠤ ᠪᠠᠨ ᠰᠠᠶᠢᠵᠢᠷᠠᠪᠠ᠃ ᠬᠤᠲᠠ᠂ ᠰᠢᠶᠠᠨ ᠬᠤᠶᠠᠷ ᠱᠠᠲᠤ ᠴᠥᠮ ᠬᠡᠷᠡᠭᠵᠢᠭᠦᠯᠬᠦ ᠲᠥᠯᠥᠪᠵᠢᠭᠦᠯᠭᠡ ᠲᠠᠢ᠂ ᠳᠦᠷᠢᠮ ᠤᠨ ᠵᠢᠷᠤᠭ ᠲᠥᠯᠥᠪᠯᠡᠭᠡ  ᠲᠠᠢ᠂ ᠰᠢᠨ᠎ᠡ ᠶᠢ ᠡᠭᠦᠳᠬᠦ ᠭᠤᠣᠯᠳᠠᠯᠭ᠎ᠠ ᠲᠠᠢ᠂ ᠲᠣᠳᠣᠷᠬᠠᠶ ᠡᠭᠦᠷᠭᠡ ᠲᠠᠢ᠂ ᠪᠣᠳᠠᠲᠠᠶ ᠠᠭᠤᠯᠭ᠎ᠠ ᠲᠠᠢ᠂ ᠡᠳᠡᠭᠡᠷ  ᠨᠢ  ᠲᠠᠯᠠᠪᠤᠷ ᠣᠷᠳᠣᠨ ᠵᠡᠷᠭᠡ ᠰᠣᠶᠣᠯ ᠤᠨ ᠪᠡᠯᠡᠳᠬᠡᠮᠵᠢ ᠲᠡᠭᠦᠯᠳᠡᠷ᠂ ᠰᠣᠶᠣᠯ ᠤᠨ ᠠᠵᠢᠯᠯᠠᠭ᠎ᠠ ᠤᠯᠠᠮ ᠬᠡᠪ ᠤᠨ ᠪᠥᠭᠡᠳ ᠣᠯᠠᠨ ᠶᠠᠩᠵᠤᠴᠢᠯᠠᠭᠰᠠᠨ᠂ ᠰᠣᠶᠣᠯ ᠤᠨ ᠦᠢᠯᠡᠴᠢᠯᠡᠭᠡᠨ ᠤ ᠡᠩᠨᠡᠭᠡ ᠲᠠᠰᠤᠷᠠᠯᠲᠠ ᠤᠢᠭᠡᠢ ᠪᠤᠵᠠᠭᠠᠶᠢᠷᠠᠨ᠂ ᠠᠷᠠᠳ ᠣᠯᠠᠨ ᠨᠡᠩ ᠶᠡᠭᠡ ᠠᠰᠢᠭ ᠬᠦᠷᠲᠡᠵᠦ᠂ ᠰᠣᠶᠣᠯ ᠤᠨ ᠪᠠᠶᠢᠭᠤᠯᠤᠯᠲᠠ ᠶᠢᠨ ᠬᠢᠷᠢ ᠬᠡᠮᠵᠢᠶ᠎ᠡ ᠪᠣᠯᠤᠨ ᠰᠣᠶᠣᠯ  ᠤᠨ ᠬᠤᠪᠢ ᠨᠡᠮᠡᠷᠢ ᠶᠢᠨ ᠨᠣᠷᠮ᠎ᠠ ᠴᠥᠮ ᠳᠡᠭᠡᠭᠰᠢᠯᠡᠭᠰᠡᠨ ᠵᠡᠷᠭᠡ ᠲᠠᠯ᠎ᠠ ᠪᠠᠷ ᠢᠯᠡᠷᠡᠵᠡᠢ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号