ᠪᠥᠵᠢᠭ《 ᠷᠣᠮᠠᠨᠲ᠋ᠢᠭ ᠲᠠᠯ᠎ᠠ ᠨᠤᠲᠤᠭ》ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ《 ᠯᠢᠩᠬᠸ᠎ᠠ ᠱᠠᠩᠨᠠᠯ 》 ᠤᠨ ᠦᠨᠳᠦᠰᠦᠲᠡᠨ ᠤ ᠠᠷᠠᠳ ᠤᠨ ᠪᠥᠵᠢᠭ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2021/12/3
    11 ᠳ᠋ᠤᠭᠡᠷ ᠰᠠᠷ᠎ᠠ ᠶᠢᠨ 25 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ  ᠤᠨ《 ᠯᠢᠩᠬᠤ᠎ᠠ ᠱᠠᠩᠨᠠᠯ 》 ᠤᠨ ᠦᠨᠳᠦᠰᠦᠲᠡᠨ ᠤ ᠠᠷᠠᠳ ᠤᠨ ᠪᠥᠵᠢᠭ ᠤᠨ ᠱᠠᠩᠨᠠᠯ ᠭᠥᠷᠳᠡᠭᠰᠡᠨ ᠪᠦᠲᠦᠭᠡᠯ ᠤᠨ ᠨᠡᠷᠡᠰ ᠢ ᠵᠢᠩᠬᠢᠨᠢ ᠪᠠᠷ ᠨᠡᠶᠢᠲᠡᠯᠡᠪᠡ᠂ ᠥᠪᠥᠷ ᠮᠣᠩᠭᠤᠯ ᠤᠨ ᠪᠥᠵᠢᠭᠴᠢᠳ ᠤᠨ ᠨᠡᠶᠢᠭᠡᠮᠯᠢᠭ ᠠᠴᠠ ᠰᠣᠩᠭᠤᠨ ᠳᠡᠪᠰᠢᠭᠦᠯᠦᠭᠰᠡᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠦᠨᠳᠦᠰᠦᠲᠡᠨ ᠤ ᠳᠠᠭᠤᠤ ᠪᠥᠵᠢᠭ ᠵᠦᠴᠦᠭᠡ ᠶᠢᠨ ᠬᠦᠷᠢᠶᠡᠯᠡᠩ ᠤᠨ ᠵᠤᠬᠢᠶᠠᠨ ᠪᠦᠲᠦᠭᠡᠭᠰᠡᠨ ᠪᠥᠵᠢᠭ《 ᠷᠣᠮᠠᠨᠲ᠋ᠢᠭ ᠲᠠᠯ᠎ᠠ ᠨᠤᠲᠤᠭ 》ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠪᠤᠰᠤᠳ 5 ᠰᠢᠯᠢᠳᠡᠭ ᠪᠥᠵᠢᠭ  ᠤᠨ ᠪᠦᠲᠦᠭᠡᠯ ᠲᠠᠢ ᠬᠠᠮᠲᠤ᠂ ᠡᠴᠦᠰ ᠤᠨ ᠰᠢᠯᠭᠠᠷᠠᠭᠤᠯᠤᠯᠲᠠ ᠳᠤ ᠤᠷᠤᠭᠰᠠᠨ 43 ᠪᠦᠲᠦᠭᠡᠯ ᠠᠴᠠ ᠴᠣᠯᠭᠤᠷᠠᠨ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ《 ᠯᠢᠩᠬᠸ᠎ᠠ ᠱᠠᠩᠨᠠᠯ 》 ᠤᠨ ᠦᠨᠳᠦᠰᠦᠲᠡᠨ ᠤ ᠠᠷᠠᠳ ᠤᠨ ᠪᠥᠵᠢᠭ ᠤᠨ ᠱᠠᠩᠨᠠᠯ ᠢ ᠭᠥᠷᠳᠡᠪᠡ᠂ ᠡᠨᠡ ᠨᠢ ᠮᠥᠨ ᠴᠦ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠦᠨᠳᠦᠰᠦᠲᠡᠨ ᠤ ᠳᠠᠭᠤᠤ ᠪᠥᠵᠢᠭ ᠵᠦᠴᠦᠭᠡ ᠶᠢᠨ ᠬᠦᠷᠢᠶᠡᠯᠡᠩ ᠤᠨ ᠲᠤᠰ ᠱᠠᠩᠨᠠᠯ ᠢ ᠬᠦᠷᠳᠡᠭᠰᠡᠨ ᠭᠤᠷᠪᠠᠳᠤᠭᠠᠷ ᠢᠵᠢ ᠪᠥᠵᠢᠭ ᠤᠨ ᠪᠦᠲᠦᠭᠡᠯ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠪᠥᠵᠢᠭ ᠤᠨ《 ᠯᠢᠩᠬᠸ᠎ᠠ ᠱᠠᠩᠨᠠᠯ 》ᠪᠣᠯ ᠲᠥᠪ ᠬᠤᠷᠢᠶᠠᠨ ᠤ ᠤᠬᠠᠭᠤᠯᠬᠤ ᠬᠡᠯᠲᠡᠰ ᠤᠨ ᠰᠡᠳᠦᠪ ᠲᠣᠭᠲᠠᠭᠠᠭᠰᠠᠨ᠂ ᠲᠥᠪ ᠬᠤᠷᠢᠶᠠᠨ ᠤ ᠬᠤᠶᠠᠷ ᠠᠯᠪᠠᠨ ᠬᠡᠷ ᠤᠨ ᠵᠥᠪᠰᠢᠶᠡᠷᠡᠯ ᠢᠶᠠᠷ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠪᠥᠵᠢᠭᠴᠢᠳ ᠤᠨ ᠨᠡᠶᠢᠭᠡᠮᠯᠢᠭ  ᠠᠴᠠ 1997 ᠣᠨ ᠳᠤ ᠡᠭᠦᠳᠦᠨ ᠪᠠᠶᠢᠭᠤᠯᠤᠭᠰᠠᠨ ᠪᠥᠬᠦ ᠤᠯᠤᠰ ᠤᠨ ᠴᠢᠨᠠᠷᠲᠠᠶ ᠲᠤᠰᠬᠠᠶ ᠮᠡᠷᠭᠡᠵᠢᠯ ᠤᠨ ᠪᠥᠵᠢᠭ  ᠤᠨ ᠱᠠᠩᠨᠠᠯ ᠮᠥᠨ᠂ ᠳᠤᠮᠳᠠᠳᠤ ᠤᠯᠤᠰ ᠤᠨ ᠲᠤᠰᠬᠠᠶ ᠮᠡᠷᠭᠡᠵᠢᠯ ᠤᠨ ᠪᠥᠵᠢᠭ ᠤᠨ ᠤᠷᠠᠯᠢᠭ ᠤᠨ ᠬᠠᠮᠤᠭ ᠤᠨ ᠥᠨᠳᠥᠷ ᠠᠮᠵᠢᠯᠲᠠ ᠪᠦᠲᠦᠮᠵᠢ ᠶᠢ ᠬᠠᠷᠠᠭᠤᠯᠤᠭᠰᠠᠨ ᠲᠤᠰᠬᠠᠶ ᠮᠡᠷᠭᠡᠵᠢᠯᠲᠡᠨ ᠤ ᠱᠠᠩᠨᠠᠯ ᠮᠥᠨ᠂ ᠪᠠᠰᠠ ᠴᠤ ᠣᠳᠣᠬᠠᠨ ᠤ ᠳᠤᠮᠳᠠᠳᠤ ᠤᠯᠤᠰ ᠤᠨ ᠪᠥᠵᠢᠭ ᠤᠨ ᠤᠷᠠᠯᠢᠭ ᠤᠨ ᠬᠦᠷᠢᠶᠡᠨ ᠳᠤ ᠦᠯᠡᠳᠡᠵᠦ ᠪᠠᠶᠢᠭ᠎ᠠ ᠴᠣᠷ ᠤᠨ ᠭᠠᠭᠴᠠ ᠪᠥᠬᠦ ᠤᠯᠤᠰ ᠤᠨ ᠴᠢᠨᠠᠷᠲᠠᠶ ᠱᠠᠩᠨᠠᠯ ᠮᠥᠨ᠂ ᠬᠤᠶᠠᠷ ᠵᠢᠯ ᠳᠤ ᠨᠢᠭᠡ ᠬᠤᠭᠤᠴᠠᠭ᠎ᠠ ᠡᠷᠭᠢᠯᠡᠵᠦ᠂ ᠣᠲᠣ ᠪᠣᠯᠲᠠᠯ᠎ᠠ ᠨᠢᠭᠡᠨᠲᠡ ᠠᠷᠪᠠᠨ ᠭᠤᠷᠪᠠᠨ ᠬᠤᠭᠤᠴᠠᠭ᠎ᠠ ᠡᠷᠭᠢᠯᠡᠵᠦ ᠪᠠᠶᠢᠨ᠎ᠠ᠃      ᠲᠣᠰ ᠤᠳᠠᠭᠠᠨ ᠤ ᠱᠠᠩᠨᠠᠯ ᠭᠥᠷᠳᠡᠭᠰᠡᠨ ᠪᠦᠲᠦᠭᠡᠯ《 ᠷᠣᠮᠠᠨᠲ᠋ᠢᠭ ᠲᠠᠯ᠎ᠠ ᠨᠤᠲᠤᠭ 》ᠪᠣᠯ《 90 》ᠤᠨ ᠠᠴᠠ ᠬᠤᠶᠢᠰᠢᠬᠢ  ᠨᠠᠶᠢᠷᠠᠭᠤᠯᠤᠨ ᠤᠳᠤᠷᠢᠳᠤᠭᠠᠴᠢ ᠠᠭᠠᠷ ᠬᠢᠭᠡᠳ ᠮᠡᠷᠭᠡᠨ ᠬᠠᠮᠲᠤ ᠪᠠᠷ ᠨᠠᠶᠢᠷᠠᠭᠤᠯᠤᠨ ᠵᠣᠬᠢᠶᠠᠵᠤ᠂ ᠤᠯᠠᠮᠵᠢᠯᠠᠯᠲᠤ ᠪᠠ ᠣᠲᠣ ᠦᠶ᠎ᠡ ᠶᠢᠨ ᠳᠠᠭᠤᠤ ᠬᠥᠭᠵᠢᠮ ᠤᠨ ᠬᠤᠪᠢᠷᠠᠯᠲᠠ ᠳᠣᠤᠷ᠎ᠠ᠂ ᠲᠠᠯ᠎ᠠ ᠨᠤᠲᠤᠭ  ᠤᠨ ᠡᠷᠡᠭᠲᠡᠶ ᠡᠮᠡᠭᠲᠡᠶ ᠵᠠᠯᠠᠭᠤ ᠬᠤᠤᠰ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ  ᠡᠷᠡᠯᠬᠡᠭᠯᠡᠨ ᠲᠡᠮᠡᠴᠡᠵᠦ᠂ ᠠᠶᠢᠯ ᠬᠡᠷ ᠪᠣᠯᠵᠣ ᠦᠶᠯᠡᠰ ᠪᠦᠲᠦᠭᠡᠭᠰᠡᠨ ᠷᠣᠮᠠᠨᠲ᠋ᠢᠭ ᠪᠠᠶᠢᠳᠠᠯ ᠢᠶᠠᠷ ᠭᠤᠤᠯ ᠰᠢᠵᠢᠮ ᠪᠣᠯᠭᠠᠵᠤ᠂ ᠪᠥᠵᠢᠭ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠮᠠᠯᠴᠢᠨ ᠲᠠᠷᠢᠶᠠᠴᠢᠨ ᠤ ᠵᠣᠯ ᠵᠢᠷᠭᠠᠯᠲᠤ ᠠᠮᠢᠳᠤᠷᠠᠯ  ᠤᠨ ᠠᠬᠤᠶ ᠪᠠᠶᠢᠳᠠᠯ ᠢ ᠢᠯᠡᠷᠡᠭᠦᠯᠦᠭᠰᠡᠨ ᠪᠦᠲᠦᠭᠡᠯ  ᠪᠤᠯᠤᠨ᠎ᠠ᠃ ᠳᠦᠷᠪᠡᠯᠵᠢᠨ ᠲᠠᠶᠢᠰᠠᠨ ᠤ ᠬᠡᠪᠴᠢᠶᠡᠨ ᠳᠤ ᠲᠩᠷᠢ ᠭᠠᠵᠠᠷ ᠤᠨ ᠲᠡᠨᠢᠭᠡᠷ ᠠᠭᠤᠳᠠᠮ ᠢ ᠢᠯᠡᠷᠡᠭᠦᠯᠦᠭᠰᠡᠨ ᠲᠣᠰ ᠪᠦᠲᠦᠭᠡᠯ ᠨᠢ ᠲᠠᠯ᠎ᠠ ᠨᠤᠲᠤᠭ ᠤᠨ ᠠᠷᠠᠳ ᠲᠦᠮᠡᠨ ᠤ ᠦᠨᠡᠨᠴᠢ ᠰᠢᠳᠤᠷᠭᠤ ᠵᠠᠩ ᠴᠢᠨᠠᠷ ᠪᠣᠯᠤᠨ ᠷᠣᠮᠠᠨᠲ᠋ᠢᠭ ᠬᠠᠶᠢᠷ᠎ᠠ ᠰᠡᠳᠬᠢᠯᠭᠡ ᠶᠢ ᠢᠯᠡᠳᠬᠡᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠣᠤᠷ᠎ᠠ᠂ ᠠᠷᠠᠳ ᠣᠯᠠᠨ ᠤ ᠦᠩᠭᠡᠷᠡᠭᠰᠡᠨ ᠴᠠᠭ ᠢᠶᠠᠨ ᠮᠠᠷᠲᠠᠯ ᠥᠬᠡᠶ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠵᠤ᠂ ᠲᠤᠰᠬᠠᠶ ᠮᠡᠷᠭᠡᠵᠢᠯ ᠤᠨ ᠬᠢᠨᠠᠭᠴᠢ ᠶᠢᠨ ᠥᠨᠳᠥᠷ ᠦᠨᠡᠯᠡᠯᠲᠡ ᠶᠢ ᠤᠯᠪᠠ᠃      ᠣᠯᠠᠨ ᠵᠢᠯ ᠤᠨ ᠲᠤᠷᠰᠢ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠦᠨᠳᠦᠰᠦᠲᠡᠨ ᠤ ᠳᠠᠭᠤᠤ ᠪᠥᠵᠢᠭ ᠵᠦᠴᠦᠭᠡ ᠶᠢᠨ ᠬᠦᠷᠢᠶᠡᠯᠡᠩ ᠶᠡᠷᠦᠩᠬᠡᠢ ᠱᠦᠵᠢ ᠰᠢ ᠶᠢᠨ ᠫᠢᠩ  ᠤᠨ ᠤᠳᠬ᠎ᠠ ᠤᠷᠠᠯᠢᠭ ᠤᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠮᠢᠳᠤᠷᠠᠯ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠦᠨᠳᠦᠰᠦᠯᠡᠬᠦ᠂  ᠵᠣᠬᠢᠶᠠᠨ ᠪᠦᠲᠦᠭᠡᠬᠦ ᠦᠵᠡᠯ ᠰᠠᠨᠠᠭ᠎ᠠ ᠭᠦᠨ ᠭᠦᠨᠵᠡᠭᠡᠶ ᠪᠠᠶᠢᠬᠤ ᠶᠢ ᠠᠬᠢᠭᠤᠯᠵᠤ᠂ ᠤᠷᠠᠨ ᠨᠠᠷᠢᠯᠢᠭ᠂ ᠰᠢᠯᠢᠳᠡᠭ ᠪᠥᠭᠡᠳ ᠣᠷᠭᠠᠨᠢᠭ ᠨᠢᠭᠡᠳᠦᠮᠡᠯ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠤᠬᠢᠶᠠᠵᠤ᠂ 2013 ᠣᠨ ᠪᠤᠯᠤᠨ 2019 ᠣᠨ ᠳᠤ ᠪᠦᠲᠦᠭᠡᠯ《 ᠭᠤᠪᠢ ᠶᠢᠨ ᠡᠯᠡᠰᠦᠨ ᠳᠤᠪᠤ 》ᠪᠠ《 ᠡᠪᠦᠭᠡ ᠨᠡᠷ 》 ᠢᠶᠠᠷ ᠢᠶᠠᠨ ᠶᠢᠰᠦᠳᠦᠭᠡᠷ ᠬᠤᠭᠤᠴᠠᠭ᠎ᠠ ᠪᠠ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ《  ᠯᠢᠩᠬᠸ᠎ᠠ ᠱᠠᠩᠨᠠᠯ 》 ᠢ ᠲᠣᠰ ᠲᠣᠰ ᠬᠦᠷᠲᠡᠵᠦ᠂ ᠠᠷᠪᠠᠨ ᠵᠢᠯ ᠤᠨ ᠬᠤᠭᠤᠷᠣᠨᠳᠣ ᠭᠤᠷᠪᠠ ᠤᠳᠠᠭ᠎ᠠ ᠳᠤᠮᠳᠠᠳᠤ ᠤᠯᠤᠰ ᠤᠨ ᠪᠥᠵᠢᠭ ᠤᠨ ᠬᠠᠮᠤᠭ ᠥᠨᠳᠥᠷ ᠱᠠᠩᠨᠠᠯ ᠢ ᠬᠦᠷᠲᠡᠪᠡ᠃ ᠡᠳᠦᠭᠡ ᠭᠤᠷᠪᠠᠨ ᠰᠣᠷᠭᠤᠭ ᠰᠠᠶᠢᠬᠠᠨ《 ᠯᠢᠩᠬᠸ᠎ᠠ ᠴᠡᠴᠡᠭ 》ᠲᠠᠯ᠎ᠠ ᠨᠤᠲᠤᠭ ᠲᠤ ᠠᠩᠬᠢᠯᠤᠮ᠎ᠠ ᠰᠠᠶᠢᠬᠠᠨ ᠦᠨᠦᠷ ᠢᠶᠠᠨ ᠬᠠᠩᠬᠤᠯᠠᠭᠤᠯᠵᠤ᠂ ᠳᠡᠯᠡᠬᠡᠢ ᠶᠢᠨ ᠡᠯ᠎ᠡ ᠭᠠᠵᠠᠷ ᠤᠨ ᠬᠥᠮᠦᠰ ᠲᠠᠯ᠎ᠠ ᠨᠤᠲᠤᠭ ᠲᠤ ᠢᠷᠡᠵᠥ ᠷᠣᠮᠠᠨᠲ᠋ᠢᠭ ᠠᠶᠠᠯᠠᠯ ᠬᠢᠬᠦ ᠶᠢ ᠪᠠᠶᠠᠷᠯᠠᠨ ᠤᠭᠲᠤᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号