ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠥᠬᠦ ᠤᠯᠤᠰ  ᠤᠨ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠢ ᠨᠠᠷᠢᠨ ᠨᠢᠮᠪᠠᠶ ᠲᠥᠯᠥᠪᠵᠢᠭᠦᠯᠪᠡ
ᠨᠡᠶᠢᠲᠡᠯᠡᠭᠰᠡᠨ ᠴᠠᠭ᠄
2021/12/30
     12 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠯᠢ ᠴᠢᠶᠦ᠋ᠨ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ  ᠃ ᠬᠤᠷᠠᠯ ᠠᠴᠠ 2020 ᠣᠨ ᠠᠴᠠ ᠨᠠᠭᠠᠰᠢᠬᠢ ᠪᠦᠬᠦ ᠤᠯᠤᠰ ᠤᠨ ᠴᠢᠯᠠᠭᠤᠨ ᠠᠭᠤᠢ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠡᠯ᠎ᠡ ᠵᠦᠢᠯ ᠤᠨ ᠠᠵᠢᠯ ᠤᠨ ᠦᠷ᠎ᠡ ᠪᠦᠲᠦᠭᠡᠯ ᠢ ᠳ᠋ᠦᠩᠨᠡᠬᠦ ᠶᠢᠨ ᠬᠠᠮᠲᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠴᠢᠯᠠᠭᠤᠨ ᠠᠭᠤᠢ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠢ ᠪᠠᠶᠢᠷᠢᠯᠠᠭᠤᠯᠪᠠ  ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠬᠠᠭᠤᠴᠢ ᠰᠤᠳᠤᠯᠤᠯ ᠤᠨ ᠬᠦᠷᠢᠶᠡᠯᠡᠩ ᠤᠨ ᠬᠠᠷᠢᠭᠤᠴᠠᠯᠭᠠᠲᠠᠳ ᠢ ᠵᠤᠬᠢᠶᠠᠨ ᠪᠠᠶᠢᠭᠤᠯᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠪᠥᠬᠦ ᠤᠯᠤᠰ ᠤᠨ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠨ ᠤ ᠣᠷᠣᠨ  ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ  ᠃
     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠡᠦᠬᠡ  ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠴᠢᠯᠠᠭᠤᠨ ᠠᠭᠤᠶ ᠶᠢᠨ ᠰᠦᠮ᠎ᠡ ᠵᠡᠷᠭᠡ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ  ᠃ ᠨᠢᠭᠡ ᠳᠤ᠂ ᠴᠢᠯᠠᠭᠤᠨ ᠠᠭᠤᠶ ᠶᠢᠨ ᠰᠦᠮ᠎ᠡ ᠶᠢ ᠪᠠᠶᠢᠴᠠᠭᠠᠬᠤ ᠪᠠ ᠵᠢᠭᠤᠯᠴᠢᠯᠠᠭᠴᠢᠳ ᠤᠨ ᠳᠠᠭᠠᠭᠠᠴᠠ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠲᠤᠰᠬᠠᠶ ᠪᠠᠶᠢᠴᠠᠭᠠᠬᠤ ᠠᠵᠢᠯ ᠤᠨ ᠮᠡᠳᠡᠭᠦᠯᠦᠯᠲᠡ 》 ᠶᠢ ᠪᠡᠶᠡᠯᠡᠭᠦᠯᠵᠦ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ ᠪᠥᠬᠦ ᠣᠷᠣᠨ ᠤ ᠣᠲᠣ ᠪᠠᠶᠢᠭ᠎ᠠ ᠴᠢᠯᠠᠭᠤᠨ ᠠᠭᠤᠶ ᠶᠢᠨ ᠰᠦᠮ᠎ᠡ ( ᠬᠠᠲᠠᠨ ᠳᠤ ᠪᠤᠰᠬᠠᠭᠰᠠᠨ ᠬᠥᠷᠥᠭ ᠢ ᠪᠠᠭᠲᠠᠭᠠᠨ᠎ᠠ )36 ᠶᠢ ᠲᠣᠳᠣᠷᠬᠠᠶᠢᠯᠠᠪᠠ  ᠃ ᠬᠤᠶᠠᠷ ᠲᠤ᠂《 ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ 》 ᠢ ᠨᠡᠶᠢᠲᠡᠯᠡᠵᠦ᠂ ᠮᠠᠨ ᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ  ᠃ ᠭᠤᠷᠪᠠ ᠳᠤ᠂ ᠠᠷᠵᠠᠶ ᠴᠢᠯᠠᠭᠤᠨ ᠠᠭᠤᠶ ᠶᠢ ᠬᠠᠮᠠᠭᠠᠯᠠᠨ ᠠᠰᠢᠭᠯᠠᠬᠤ ᠠᠵᠢᠯ ᠢ ᠳᠥᠯᠭᠢᠨ ᠠᠬᠢᠭᠤᠯᠵᠤ᠂ ᠠᠷᠵᠠᠶ ᠴᠢᠯᠠᠭᠤᠨ ᠠᠭᠤᠶ ᠶᠢᠨ ᠠᠶᠤᠯᠲᠠᠶ ᠴᠢᠯᠠᠭᠤᠯᠢᠭ  ᠤᠨ ᠳᠥᠷᠪᠡᠳᠦᠭᠡᠷ ᠬᠤᠭᠤᠴᠠᠭᠠᠨ ᠤ ᠬᠠᠮᠠᠭᠠᠯᠠᠯᠲᠠ ᠪᠠ ᠬᠠᠨᠠᠨ ᠵᠢᠷᠤᠭ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠠᠷᠵᠠᠶ ᠴᠢᠯᠠᠭᠤᠨ ᠠᠭᠤᠶ ᠶᠢ ᠪᠦᠬᠦᠯᠢ ᠴᠣᠭᠴᠠ  ᠪᠠᠷ ᠨᠢ ᠬᠠᠮᠠᠭᠠᠯᠠᠬᠤ ᠲᠥᠯᠥᠪᠵᠢᠭᠦᠯᠭᠡ᠂ ᠲᠥᠬᠦᠷ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠬᠠᠭᠤᠴᠢ ᠰᠤᠳᠤᠯᠤᠯ ᠤᠨ ᠠᠵᠢᠯ ᠳᠤ ᠵᠢᠯᠣᠭᠤᠳᠣᠯᠭ᠎ᠠ ᠬᠢᠯᠭᠡᠪᠡ᠃ ᠳᠥᠷᠪᠡ ᠳᠤ᠂ ᠴᠢᠳᠠᠪᠤᠷᠢᠲᠠᠨ ᠤ ᠪᠤᠯᠪᠠᠰᠤᠷᠠᠯ ᠢ ᠴᠢᠩᠭᠠᠳᠬᠠᠵᠤ᠂ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠬᠠᠮᠢᠶᠠᠷᠤᠯᠲᠠ ᠶᠢᠨ ᠠᠵᠢᠯᠲᠠᠨ ᠤ ᠪᠤᠯᠪᠠᠰᠤᠷᠠᠯ ᠤᠨ ᠠᠩᠭᠢ ᠶᠢ ᠡᠷᠭᠢᠯᠡᠵᠦ᠂ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠬᠠᠮᠢᠶᠠᠷᠤᠯᠲᠠ  ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠪᠤ ᠳᠤ᠂ ᠬᠠᠭᠤᠴᠢ ᠰᠤᠳᠤᠯᠤᠯ ᠤᠨ ᠠᠵᠢᠯ ᠥᠷᠨᠢᠭᠦᠯᠵᠦ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢᠨ ᠬᠠᠭᠤᠴᠢ ᠰᠤᠳᠤᠯᠤᠯ ᠤᠨ ᠳᠤᠮᠳᠠ ᠪᠠ ᠣᠷᠳᠣ ᠬᠤᠭᠤᠴᠠᠭᠠᠨ ᠤ ᠲᠥᠯᠥᠪᠯᠡᠭᠡ 》 ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠳᠤ ᠠᠷᠵᠠᠶ ᠴᠢᠯᠠᠭᠤᠨ ᠠᠭᠤᠶ ᠶᠢᠨ 2022 ᠣᠨ ᠤ ᠰᠠᠨᠠᠭᠠᠴᠢᠯᠠᠭ᠎ᠠ ᠲᠠᠢ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠦᠨᠡᠮᠯᠡᠯ ᠢ ᠭᠤᠶᠤᠴᠢᠯᠠᠨ ᠮᠡᠳᠡᠭᠦᠯᠪᠡ  ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠪᠥᠬᠦ ᠣᠷᠣᠨ ᠤ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠥᠷ ᠮᠣᠩᠭᠤᠯ  ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠪᠠ ᠬᠠᠭᠤᠴᠢ ᠰᠤᠳᠤᠯᠤᠯ ᠤᠨ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠭᠤᠤᠯᠳᠠᠯᠭ᠎ᠠ ᠲᠠᠢ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠰᠡᠯᠪᠢᠨ ᠵᠠᠰᠠᠬᠤ ᠪᠠ ᠠᠮᠤᠷ ᠢ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ ᠂ ᠴᠢᠯᠠᠭᠤᠨ ᠠᠭᠤᠶ ᠶᠢᠨ ᠰᠦᠮ᠎ᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠴᠢᠯᠠᠭᠤᠨ ᠠᠭᠤᠶ  ᠶᠢᠨ ᠰᠦᠮ᠎ᠡ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠢ ᠵᠠᠷᠯᠠᠨ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠵᠤ ᠂ ᠴᠢᠯᠠᠭᠤᠨ ᠠᠭᠤᠶ ᠶᠢᠨ ᠰᠦᠮ᠎ᠡ ᠶᠢᠨ ᠲᠡᠦᠬᠡ ᠶᠢᠨ ᠳᠤᠷᠠᠰᠬᠠᠯᠲᠤ ᠵᠦᠶᠯᠡᠰ ᠢ ᠦᠨᠡᠯᠡᠨ ᠵᠢᠱᠢᠬᠦ᠂ ᠲᠤᠭᠠᠵᠢᠭᠤᠯᠤᠭᠰᠠᠨ ᠰᠤᠳᠤᠯᠭᠠᠨ ᠵᠢᠴᠢ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠡᠷᠭᠡ ᠠᠵᠢᠯ ᠢ ᠥᠷᠨᠢᠭᠦᠯᠦᠨ᠂ ᠥᠪᠥᠷ ᠮᠣᠩᠭᠤᠯ ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号