︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀  ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/12/30
     ᠲᠦᠷᠦᠭᠦᠬᠡᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ  ᠃      ︽ᠲᠥᠯᠥᠪᠵᠢᠭᠦᠯᠭᠡ︾ ᠳᠤ ᠲᠤᠲᠤᠷᠬᠠᠶᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠢ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠶᠢᠨ ᠭᠤᠤᠯ ᠡᠭᠦᠷᠭᠡ ᠪᠣᠯ᠄ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ  ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠪᠠ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠪᠠ ᠠᠰᠢᠭᠯᠠᠬᠤ ᠶᠢ ᠠᠬᠢᠭᠤᠯᠵᠤ᠂ ᠬᠢᠯᠢ ᠬᠢᠵᠠᠭᠠᠷ ᠤᠨ ᠬᠠᠭᠤᠴᠢ ᠰᠤᠳᠤᠯᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠮᠦᠽᠧᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠪᠠᠲᠤᠯᠠᠭ᠎ᠠ  ᠶᠢᠨ ᠡᠷᠴᠢᠮ ᠢ ᠴᠢᠩᠭᠠᠷᠠᠭᠤᠯᠤᠨ᠎ᠠ᠃      ︽ᠲᠥᠯᠥᠪᠵᠢᠭᠦᠯᠭᠡ︾ ᠶᠢ ᠦᠨᠳᠦᠰᠦᠯᠡᠪᠡᠯ᠂ 2025 ᠣᠨ ᠪᠣᠯᠬᠤ ᠳᠤ᠂ ᠥᠪᠥᠷ ᠮᠣᠩᠭᠤᠯ ᠤᠨ ᠲᠡᠦᠬᠡ  ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠭᠤᠯᠤᠯ ᠤᠨ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ  ᠶᠢᠨ ᠰᠢᠨ᠎ᠡ ᠶᠢ ᠡᠭᠦᠳᠬᠦ ᠠᠵᠢᠯ ᠴᠢᠬᠤᠯᠠ ᠠᠬᠢᠴᠠ ᠲᠠᠢ ᠪᠣᠯᠵᠣ᠂ ᠡᠬᠢ ᠪᠠᠶᠠᠯᠢᠭ ᠤᠨ ᠬᠠᠮᠢᠶᠠᠷᠤᠯᠲᠠ ᠶᠢ ᠪᠦᠷᠢᠨ ᠪᠥᠷᠬᠦᠭᠦᠯᠬᠦ᠂ ᠪᠥᠬᠦ ᠦᠶᠡᠯᠡᠯ ᠤᠨ ᠬᠤᠭᠤᠴᠠᠭ᠎ᠠ ᠶᠢᠨ ᠠᠮᠤᠷ ᠲᠦᠪᠰᠢᠨ ᠤ ᠰᠢᠮᠳᠠᠭᠤᠯᠤᠨ ᠪᠠᠶᠢᠴᠠᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠪᠦᠷᠢᠨ ᠲᠡᠭᠦᠯᠳᠡᠷ ᠪᠣᠯᠭᠠᠭᠰᠠᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠰᠢᠰᠲ᠋ᠧᠮᠵᠢ ᠶᠢ ᠪᠦᠷᠢᠯᠳᠦᠭᠦᠯᠦᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠶᠯᠡᠰ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠦᠷ᠎ᠡ ᠪᠦᠲᠦᠮᠵᠢ ᠰᠣᠶᠣᠯ ᠪᠠ ᠵᠢᠭᠤᠯᠴᠢᠯᠠᠯ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠤᠨ᠎ᠠ  ᠃      ︽ᠲᠥᠯᠥᠪᠵᠢᠭᠦᠯᠭᠡ︾ ᠳᠤ ᠲᠤᠳᠤᠷᠬᠠᠶᠢᠯᠠᠭᠰᠠᠨ ᠨᠢ᠂ 2025 ᠣᠨ ᠪᠣᠯᠬᠤ ᠳᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠪᠠᠶᠢᠭᠤᠯᠤᠮᠵᠢ ᠶᠢᠨ ᠡᠩᠨᠡᠭᠡ ᠶᠢᠨ ᠬᠦᠴᠦᠨ ᠢ ᠴᠢᠩᠭᠠᠷᠠᠭᠤᠯᠵᠤ᠂ ᠪᠦᠲᠦᠴᠡ ᠶᠢ ᠰᠢᠯᠢᠳᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ  ᠲᠠᠢ᠂ ᠳᠤᠮᠳᠠᠳᠤ ᠤᠯᠤᠰ ᠤᠨ ᠬᠡᠪ ᠨᠠᠮᠪᠠ ᠲᠠᠢ᠂ ᠳᠤᠮᠳᠠᠳᠤ ᠤᠯᠤᠰ ᠤᠨ ᠣᠮᠤᠭ ᠰᠦᠷ ᠲᠠᠢ ᠬᠠᠭᠤᠴᠢ ᠰᠤᠳᠤᠯᠤᠯ  ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠶᠢ ᠨᠠᠩ ᠣᠯᠠᠨ ᠪᠣᠳᠠᠲᠠᠶ ᠭᠡᠷᠡᠴᠢᠯᠡᠨ᠎ᠡ᠃ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠬᠠᠮᠢᠶᠠᠷᠬᠤ ᠬᠡᠷᠡᠭᠯᠡᠬᠦ ᠰᠢᠰᠲ᠋ᠧᠮ ᠦᠨᠳᠦᠰᠦᠨ ᠳᠤ ᠪᠠᠨ ᠪᠦᠷᠢᠨᠰᠢᠵᠥ᠂ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯ ᠤᠨ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠳᠤᠮᠳᠠᠬᠢ ᠴᠢᠬᠤᠯᠠ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠤᠨ᠎ᠠ᠃ ᠪᠠᠶᠢᠷᠢᠯᠠᠭᠤᠯᠤᠯᠲᠠ ᠨᠢ ᠵᠦᠢ ᠵᠣᠬᠢᠰᠲᠠᠶ᠂ ᠪᠦᠲᠦᠴᠡ ᠨᠢ ᠰᠢᠯᠢᠳᠡᠭᠵᠢᠭᠰᠡᠨ ᠂ ᠣᠨᠴᠠᠯᠢᠭ ᠨᠢ ᠢᠯᠡ ᠲᠣᠳᠣ᠂ ᠪᠠᠶᠢᠭᠤᠯᠤᠯ ᠨᠢ ᠪᠦᠷᠢᠨ ᠲᠡᠭᠦᠯᠳᠡᠷ᠂ ᠴᠢᠳᠠᠮᠵᠢ ᠨᠢ ᠪᠦᠷᠢᠨ ᠲᠡᠭᠦᠯᠳᠡᠷ ᠮᠦᠽᠧᠶ  ᠶᠢᠨ ᠰᠢᠰᠲ᠋ᠧᠮᠵᠢ ᠶᠢ ᠠᠩᠬ᠎ᠠ ᠠᠯᠬᠤᠮ ᠪᠣᠶ ᠪᠣᠯᠭᠠᠵᠤ᠂ ᠮᠦᠽᠧᠶ ᠶᠢᠨ ᠬᠥᠭᠵᠢᠯᠲᠡ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠦᠢᠯᠡᠴᠢᠯᠡᠭᠡ  ᠶᠢ ᠨᠡᠩ ᠰᠢᠯᠢᠳᠡᠭᠵᠢᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠠᠷᠠᠳ ᠤᠯᠠᠨ ᠳᠤ ᠨᠡᠩ ᠤᠯᠠᠨ ᠠᠰᠢᠭ ᠬᠦᠷᠲᠡᠭᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠦᠢᠯᠡᠳᠦᠯ ᠤᠯᠠᠮ ᠴᠢᠨᠠᠭᠰᠢᠳᠠ ᠴᠢᠩᠭᠠᠷᠠᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠤᠯᠠᠮ ᠴᠢᠨᠠᠭᠰᠢᠳᠠ ᠦᠷᠭᠡᠵᠢᠨ᠎ᠡ᠃      ᠲᠥᠯᠥᠪᠵᠢᠭᠦᠯᠭᠡ ᠶᠢ ᠦᠨᠳᠦᠰᠦᠯᠡᠪᠡᠯ᠂ 2035 ᠣᠨ ᠪᠣᠯᠲᠠᠯ᠎ᠠ᠂ ᠥᠪᠥᠷ ᠮᠣᠩᠭᠤᠯ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠴᠢᠬᠤᠯᠠ ᠦᠨ᠎ᠡ ᠥᠷᠲᠡᠭ ᠪᠠ ᠥᠪᠡᠷᠮᠢᠴᠡ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠤᠯᠤᠰ ᠤᠨ ᠪᠠᠶᠢᠳᠠᠯ᠂ ᠣᠷᠣᠨ ᠤ  ᠪᠠᠶᠢᠳᠠᠯ ᠳᠤ ᠨᠡᠶᠢᠴᠡᠭᠰᠡᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠵᠠᠮ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠬᠡᠪ ᠨᠠᠮᠪᠠ᠂ ᠳᠤᠮᠳᠠᠳᠤ ᠤᠯᠤᠰ ᠤᠨ ᠣᠮᠤᠭ ᠰᠦᠷ ᠲᠠᠢ ᠬᠠᠭᠤᠴᠢ ᠰᠤᠳᠤᠯᠤᠯ ᠢ ᠪᠦᠷᠢᠯᠳᠦᠭᠦᠯᠵᠦ᠂ ᠬᠠᠭᠤᠴᠢ ᠰᠤᠳᠤᠯᠤᠯ ᠤᠨ ᠠᠵᠢᠯ ᠤᠨ ᠬᠠᠮᠢᠶᠠᠷᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠮᠡᠷᠭᠡᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ ᠲᠦᠪᠰᠢᠨ ᠶᠡᠭᠡ ᠪᠠᠷ ᠳᠡᠭᠡᠭᠰᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠬᠢᠭᠡᠳ ᠵᠢᠭᠤᠯᠴᠢᠯᠠᠯ ᠤᠨ ᠠᠵᠤ ᠦᠶᠯᠡᠰ ᠭᠦᠨᠵᠡᠭᠡᠶ ᠠᠭᠤᠰᠤᠯᠴᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠨᠢ ᠰᠣᠶᠣᠯ ᠪᠠ ᠵᠢᠭᠤᠯᠴᠢᠯᠠᠯ ᠤᠨ ᠬᠦᠴᠦᠷᠬᠡᠭ ᠣᠷᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠴᠤᠭᠴᠠᠯᠠᠬᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ ᠶᠢ ᠵᠤᠷᠢᠭᠵᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠲᠣᠭᠲᠠᠭᠤᠨ ᠪᠠ ᠴᠡᠴᠡᠭᠯᠡᠯ ᠬᠥᠭᠵᠢᠯᠲᠡ ᠶᠢ ᠪᠠᠬᠢᠵᠢᠭᠦᠯᠬᠦ ᠳᠤ ᠴᠢᠬᠤᠯᠠ ᠦᠶᠯᠡᠳᠦᠯ ᠦᠵᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号