ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠢᠨ᠎ᠡ ᠵᠢᠯ᠂ ᠴᠠᠭᠠᠨ ᠰᠠᠷ᠎ᠠ《 ᠬᠤᠶᠠᠷ ᠪᠠᠶᠠᠷ 》 ᠤᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠶᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ  ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/31
    12 ᠳ᠋ᠤᠭᠠᠷ ᠰᠠᠷ᠎ᠠ ᠶᠢᠨ 24 ᠤ ᠡᠳᠦᠷ᠂ ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠢᠨ᠎ᠡ ᠵᠢᠯ᠂ ᠴᠠᠭᠠᠨ ᠰᠠᠷ᠎ᠠ《 ᠬᠤᠶᠠᠷ ᠪᠠᠶᠠᠷ 》 ᠤᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠥᠬᠡᠶ ᠦᠶᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠪᠴᠢᠶᠠᠨ ᠳᠠᠷᠤᠭ᠎ᠠ ᠰᠦ᠋ ᠯᠢ ᠰᠢᠨ ᠬᠤᠷᠠᠯ ᠢ ᠡᠷᠭᠢᠯᠡᠵᠦ᠂ ᠲᠣᠪᠴᠢᠶ᠎ᠠ ᠶᠢᠨ ᠪᠠᠶᠢᠭᠤᠯᠭ᠎ᠠ᠂ ᠬᠤᠶᠠᠳᠤᠭᠠᠷ ᠳᠡᠰ ᠤᠨ ᠨᠢᠭᠡᠴᠢ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠬᠤᠲᠠ ᠶᠢᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠡᠯ᠎ᠡ ᠵᠦᠶᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠪᠠ ᠮᠡᠳᠡᠭᠳᠡᠯ ᠢ ᠤᠯᠠᠮᠵᠢᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠢᠶᠡᠨ ᠬᠤᠲᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ᠃ ᠡᠭᠦᠨ ᠤ ᠬᠠᠮᠲᠤ᠂ ᠬᠤᠷᠠᠯ  ᠠᠴᠠ《 ᠲᠥᠪ ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 2 ᠠᠰᠠᠭᠤᠳᠠᠯ  ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠶ ᠵᠠᠷᠯᠠᠯ 》 ᠤᠨ ᠵᠣᠷᠢᠭ ᠰᠠᠨᠠᠭ᠎ᠠ ᠶᠢ ᠵᠠᠷᠯᠠᠨ ᠮᠡᠳᠡᠭᠳᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠰᠢᠨᠲᠠᠷᠠᠰᠢ ᠥᠬᠡᠶ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠪᠠᠰᠠ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠪᠠ᠃  
 
ᠢᠷᠡᠯᠲᠡ᠄ ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号