ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ《 ᠡᠭᠦᠯᠡᠨ ᠦᠵᠦᠭᠦᠷ  ᠤᠨ ᠭᠤᠸ᠎ᠠ ᠰᠠᠶᠢᠬᠠᠨ ᠤ ᠬᠥᠮᠦᠵᠢᠯ 》ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠤᠨ ᠰᠦᠯᠵᠢᠶᠡᠨ ᠳᠡᠭᠡᠷᠡᠬᠢ ᠤᠷᠠᠯᠢᠭ ᠤᠨ ᠬᠢᠴᠢᠶᠡᠯ ᠤᠨ ᠲᠠᠩᠬᠢᠮ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/12/31
    ᠥᠷᠭᠡᠨ ᠣᠯᠠᠨ ᠠᠷᠠᠳ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠤᠨ ᠤᠷᠠᠯᠢᠭ ᠤᠨ ᠲᠦᠭᠡᠮᠡᠯᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠵᠢᠭᠠᠨ ᠰᠤᠷᠭᠠᠯᠲᠠ ᠶᠢᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠣᠨᠴᠠᠭᠠᠶᠢᠯᠠᠨ《 ᠡᠭᠦᠯᠡᠨ ᠦᠵᠦᠭᠦᠷ ᠤᠨ ᠭᠤᠸ᠎ᠠ ᠰᠠᠶᠢᠬᠠᠨ ᠤ ᠬᠥᠮᠦᠵᠢᠯ 》 ᠤᠨ ᠰᠣᠶᠣᠯ ᠵᠢᠭᠤᠯᠴᠢᠯᠠᠯ ᠤᠨ ᠰᠠᠶᠢᠨ ᠳᠤᠷᠠᠴᠤᠳ ᠤᠨ ᠰᠦᠯᠵᠢᠶᠡᠨ ᠳᠡᠭᠡᠷᠡᠬᠢ ᠤᠷᠠᠯᠢᠭ ᠤᠨ ᠬᠢᠴᠢᠶᠡᠯ ᠤᠨ ᠲᠠᠩᠬᠢᠮ ᠢ ᠭᠠᠷᠭᠠᠵᠤ᠂ ᠸᠢᠳᠢᠣ᠋ ᠪᠠᠷ ᠬᠢᠴᠢᠶᠡᠯᠯᠡᠬᠦ ᠬᠡᠯᠪᠡᠷᠢ ᠪᠠᠷ ᠣᠯᠠᠨ ᠲᠦᠮᠡᠨ ᠳᠤ ᠰᠦᠶᠳᠬᠡᠯ ᠬᠤᠷᠢᠶᠠᠬᠤ ᠥᠬᠡᠶ ᠪᠠᠷ ᠰᠦᠯᠵᠢᠶᠡᠨ ᠳᠡᠭᠡᠷᠡᠬᠢ ᠤᠷᠠᠯᠢᠭ ᠤᠨ ᠬᠢᠴᠢᠶᠡᠯ ᠢ ᠬᠠᠩᠭᠠᠪᠠ᠃     ᠵᠢᠭᠠᠨ ᠰᠤᠷᠭᠠᠯᠲᠠ ᠶᠢᠨ ᠸᠢᠳᠢᠣ᠋ ᠶᠢ 12 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠸᠢᠴᠠᠲ ᠤᠨ ᠣᠯᠠᠨ ᠨᠡᠶᠢᠲᠡ ᠶᠢᠨ ᠨᠤᠮᠧᠷ ᠢᠶᠠᠷ ᠳᠠᠮᠵᠢᠭᠤᠯᠤᠨ ᠬᠦᠷᠭᠡᠵᠦ᠂ ᠰᠤᠷᠤᠯᠭᠠᠲᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠰᠣᠶᠣᠯ ᠤᠨ ᠣᠷᠳᠣᠨ ᠤ ᠸᠢᠴᠠᠲ ᠤᠨ ᠣᠯᠠᠨ ᠨᠡᠶᠢᠲᠡ ᠶᠢᠨ ᠨᠣᠮᠧᠷ ᠢᠶᠠᠷ ᠣᠷᠣᠵᠤ᠂ ᠲᠣᠪᠶᠤᠭ ᠤᠨ ᠪᠤᠯᠤᠩ ᠤᠨ《 ᠰᠣᠶᠣᠯ  ᠤᠨ ᠦᠶᠯᠡᠴᠢᠯᠡᠭᠡ 》ᠳᠣᠲᠣᠷᠠᠬᠢ《 ᠡᠭᠦᠯᠡᠨ ᠦᠵᠦᠭᠦᠷ ᠤᠨ ᠭᠤᠸ᠎ᠠ ᠰᠠᠶᠢᠬᠠᠨ ᠤ ᠬᠥᠮᠦᠵᠢᠯ 》ᠪᠤᠯᠤᠩ ᠢ ᠲᠣᠪᠴᠢᠳᠠᠨ ᠡᠬᠢᠯᠡᠨ ᠰᠤᠷᠤᠯᠴᠠᠵᠤ ᠪᠣᠯᠤᠨ᠎ᠠ᠃     ᠤᠷᠠᠯᠢᠭ ᠤᠨ ᠬᠢᠴᠢᠶᠡᠯ ᠨᠢ ᠴᠠᠭ ᠪᠠ ᠣᠷᠣᠨ ᠵᠠᠶ ᠶᠢᠨ ᠬᠢᠵᠠᠭᠠᠷᠯᠠᠯ ᠢ ᠬᠦᠯᠢᠶᠡᠬᠦ ᠥᠬᠡᠶ᠂ ᠥᠷᠭᠡᠨ ᠣᠯᠠᠨ ᠰᠤᠷᠤᠯᠭᠠᠲᠠᠨ ᠥᠪᠡᠷ ᠤᠨ ᠳᠤᠷ᠎ᠠ ᠰᠣᠨᠢᠷᠬᠠᠯ ᠢᠶᠠᠨ ᠦᠨᠳᠦᠰᠦᠯᠡᠨ᠂ ᠲᠤᠰᠬᠠᠶ ᠮᠡᠷᠭᠡᠵᠢᠯ ᠤᠨ ᠰᠣᠶᠣᠯ ᠤᠷᠠᠯᠢᠭ  ᠤᠨ ᠮᠡᠳᠡᠯᠭᠡ ᠶᠢ ᠴᠠᠭ ᠢᠮᠠᠭᠲᠠ ᠰᠤᠷᠤᠯᠴᠠᠵᠤ ᠪᠣᠯᠤᠨ᠎ᠠ᠃ ᠰᠡᠭᠦᠯᠴᠢ ᠶᠢᠨ ᠬᠤᠭᠤᠴᠠᠭᠠᠨ ᠳᠤ ᠰᠣᠶᠣᠯ ᠤᠨ ᠣᠷᠳᠣᠨ ᠪᠠᠰᠠ ᠦᠵᠡᠭᠴᠢᠳ ᠲᠤ ᠨᠠᠩ ᠣᠯᠠᠨ ᠤᠷᠠᠯᠢᠭ ᠤᠨ ᠪᠣᠯᠪᠠᠰᠤᠷᠠᠯ ᠤᠨ ᠬᠢᠴᠢᠶᠡᠯ ᠨᠡᠭᠡᠭᠡᠵᠦ᠂ ᠨᠡᠶᠢᠲᠡ  ᠶᠢᠨ ᠠᠰᠠᠷᠠᠮᠵᠢ ᠶᠢᠨ ᠤᠷᠠᠯᠢᠭ ᠤᠨ ᠪᠣᠯᠪᠠᠰᠤᠷᠠᠯ ᠤᠨ ᠰᠦᠯᠵᠢᠶᠡᠨ ᠳᠡᠭᠡᠷᠡᠬᠢ ᠣᠷᠣᠨ ᠵᠠᠶ ᠶᠢ ᠥᠷᠭᠡᠳᠬᠡᠵᠦ᠂ ᠥᠷᠭᠡᠨ ᠣᠯᠠᠨ ᠲᠦᠮᠡᠨ ᠳᠤ ᠨᠠᠩ ᠰᠠᠶᠢᠨ ᠰᠠᠶᠢᠬᠠᠨ ᠰᠤᠷᠤᠯᠴᠠᠬᠤ ᠪᠡᠶᠡᠴᠢᠯᠡᠨ ᠣᠶᠢᠯᠠᠭᠠᠬᠤ ᠦᠶᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号