ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ | ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠥᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠬᠤᠪᠢᠰᠬᠠᠯ᠂ ᠪᠥᠲᠥᠭᠡᠨ | ᠪᠠᠶᠢᠭᠤᠯᠤᠯᠲᠠ ᠪᠠ ᠥᠭᠡᠷᠡᠴᠢᠯᠡᠯᠲᠡ ᠶᠢᠨ ᠲᠡᠦᠬᠡᠨ ᠶᠠᠪᠤᠴᠠ ᠳᠤ ᠣᠯᠤᠭᠰᠠᠨ ᠴᠢᠬᠤᠯᠠ ᠶᠡᠭᠡ ᠠᠮᠵᠢᠯᠲᠠ ᠶᠢ | ᠲᠡᠯᠭᠡᠨ ᠦᠵᠡᠭᠦᠯᠬᠦ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ | 《 〈 ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢᠨ ᠵᠠᠭᠤᠨ ᠰᠣᠳᠣᠨ ᠬᠤᠪᠢᠰᠬᠠᠯᠲᠤ ᠵᠢᠭᠤᠯᠴᠢᠯᠠᠯ ᠤᠨ | ᠵᠠᠮ ᠱᠤᠭᠤᠮ 〉 ᠤᠨ ᠠᠵᠢᠯᠯᠠᠭ᠎ᠠ ᠶᠢ ᠰᠢᠯᠢᠨ ᠰᠣᠩᠭᠤᠵᠤ ᠭᠠᠷᠭᠠᠬᠤ ᠲᠤᠬᠠᠶ ᠮᠡᠳᠡᠭᠳᠡᠯ 》 ( ᠳᠣᠷᠣᠭᠰᠢ 《 | ᠮᠡᠳᠡᠭᠳᠡᠯ 》 ᠭᠡᠵᠦ ᠲᠣᠪᠴᠢᠯᠠᠨ᠎ᠠ ) ᠢ ᠳᠠᠷᠤᠮᠠᠯᠯᠠᠨ ᠲᠠᠷᠬᠠᠭᠠᠪᠠ᠃ | 《 ᠮᠡᠳᠡᠭᠳᠡᠯ 》 ᠳᠤ ᠱᠠᠭᠠᠷᠳᠠᠭᠰᠠᠨ ᠨᠢ᠂ ᠵᠠᠮ ᠱᠤᠭᠤᠮ ᠤᠨ ᠵᠢᠷᠤᠭ ᠲᠥᠯᠥᠪᠯᠡᠭᠡ ᠮᠡᠲᠡᠭᠦᠯᠬᠦ ᠳᠤ ᠪᠠᠨ | ᠵᠠᠮ ᠤᠨ ᠣᠷᠳᠣ ᠪᠠ ᠲᠣᠭᠤᠷᠢᠨ ᠦᠵᠡᠬᠦ ᠴᠠᠭ ᠢ ᠭᠦᠶᠴᠡᠳ ᠪᠣᠳᠣᠯᠬᠢᠯᠠᠬᠤ ᠬᠡᠷᠡᠭᠲᠡᠶ᠂ ᠵᠠᠮ ᠱᠤᠭᠤᠮ ᠤᠨ ᠴᠠᠭ | ᠨᠢ 1 ᠠᠴᠠ 3 ᠡᠳᠦᠷ ᠪᠠᠶᠢᠬᠤ ᠬᠡᠷᠡᠭᠲᠠᠢ᠃ ᠬᠤᠪᠢᠰᠬᠠᠯᠲᠤ ᠰᠣᠶᠣᠯ ᠤᠨ ᠠᠭᠤᠯᠤᠭᠳᠠᠬᠤᠨ ᠢ ᠭᠦᠨᠵᠡᠭᠡᠶ | ᠠᠭᠤᠳᠠᠯᠤᠨ᠂ ᠲᠡᠦᠬᠡ ᠶᠢᠨ ᠰᠢᠵᠢᠮ ᠢ ᠨᠠᠷᠢᠨ ᠬᠢᠨᠠᠮᠠᠭᠠᠶ ᠡᠮᠬᠢᠯᠡᠵᠦ᠂ ᠬᠤᠪᠢᠰᠬᠠᠯ ᠤᠨ ᠵᠣᠷᠢᠭ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠠᠷᠠᠳ ᠣᠯᠠᠨ ᠤ ᠬᠤᠪᠢᠰᠬᠠᠯ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ | ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠤᠯᠤᠰ ᠲᠥᠷᠥ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ | ᠳᠣᠪᠣᠶᠢᠯᠭᠠᠵᠤ᠂ ᠮᠠᠨ ᠤ ᠤᠯᠤᠰ ᠤᠨ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠ | ᠰᠢᠨᠵᠢᠯᠡᠬᠦ ᠤᠬᠠᠭᠠᠨᠴᠢ ᠢᠨᠵᠧᠨᠧᠷᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ | ᠶᠡᠭᠡ ᠠᠮᠵᠢᠯᠲᠠ ᠪᠦᠲᠦᠮᠵᠢ ᠶᠢ ᠭᠤᠤᠯᠳᠠᠯᠭ᠎ᠠ ᠲᠠᠢ ᠢᠯᠡᠷᠡᠭᠦᠯᠵᠦ᠂ ᠠᠷᠠᠳ ᠣᠯᠠᠨ ᠢ ᠬᠥᠲᠥᠯᠥᠨ ᠵᠢᠯᠣᠭᠤᠳᠴᠤ | ᠣᠶᠢᠷ᠎ᠠ ᠬᠠᠪᠢ ᠳᠤ ᠨᠢ᠂ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ᠂ ᠤᠯᠤᠰ ᠤᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠯᠭᠡᠬᠦ ᠬᠡᠷᠡᠭᠲᠡᠶ᠃ | 《 ᠮᠡᠳᠡᠭᠳᠡᠯ 》 ᠳᠤ᠂ ᠮᠡᠳᠡᠭᠦᠯᠦᠨ ᠬᠦᠷᠭᠡᠬᠦ ᠵᠠᠮ ᠱᠤᠭᠤᠮ ᠳᠤ᠄ 《 ᠬᠤᠪᠢᠰᠬᠠᠯ ᠤᠨ ᠲᠡᠦᠬᠡ ᠶᠢ | ᠳᠠᠬᠢᠨ ᠡᠷᠬᠢᠴᠡᠭᠦᠯᠬᠦ᠂ ᠲᠡᠮᠡᠴᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ 》 ᠭᠤᠤᠯ ᠰᠡᠳᠦᠪᠲᠦ ᠵᠠᠮ | ᠱᠤᠭᠤᠮ᠂ ᠬᠤᠪᠢᠰᠬᠠᠯᠲᠤ ᠣᠩᠭᠤᠴᠠᠨ ᠤ ᠵᠣᠷᠢᠭ ᠰᠠᠨᠠᠭ᠎ᠠ᠂ ᠵᠢᠩ ᠭᠠᠩ ᠱᠠᠨ ᠤ ᠵᠣᠷᠢᠭ ᠰᠠᠨᠠᠭ᠎ᠠ᠂ | ᠥᠭᠡᠷᠡᠴᠢᠯᠡᠯᠲᠡ ᠨᠡᠭᠡᠭᠡᠯᠲᠡ ᠶᠢᠨ ᠵᠣᠷᠢᠭ ᠰᠠᠨᠠᠭ᠎ᠠ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ | ᠠᠪᠤᠷᠬᠠᠤ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠵᠡᠷᠭᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠯ᠎ᠡ ᠲᠡᠦᠬᠡᠨ ᠴᠠᠭ ᠦᠶ᠎ᠡ ᠳᠤ ᠳᠠᠪᠲᠠᠨ ᠪᠦᠷᠢᠯᠳᠦᠭᠰᠡᠨ ᠠᠭᠤᠤ ᠶᠡᠭᠡ ᠵᠣᠷᠢᠭ ᠰᠠᠨᠠᠭ᠎ᠠ ᠂ ᠨᠠᠮ ᠤᠨ | ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ | ᠤᠨ ᠬᠥᠭᠵᠢᠯᠲᠡ ᠶᠢᠨ ᠲᠡᠦᠬᠡ ᠶᠢᠨ ᠴᠢᠬᠤᠯᠠ ᠢᠯᠡᠳᠬᠡᠮᠵᠢ ᠲᠡᠮᠳᠡᠭ ᠪᠣᠯᠤᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠤᠷᠰᠢᠬᠢ 《 ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ 》 ᠬᠡᠷᠡᠯ ᠰᠠᠴᠤᠷᠠᠩᠭᠤᠶ ᠲᠡᠦᠬᠡᠨ | ᠶᠠᠪᠤᠴᠠ ᠶᠢ ᠳᠡᠯᠭᠡᠨ ᠦᠵᠡᠭᠦᠯᠦᠨ᠎ᠡ᠃ 《 ᠲᠤᠮᠤ ᠤᠯᠤᠰ ᠤᠨ ᠰᠤᠲᠤᠨ ᠲᠤᠨᠤᠭᠯᠠᠯ ᠲᠠᠢ ᠣᠶᠢᠷᠠᠳᠴᠤ᠂ | ᠳᠤᠮᠳᠠᠳᠤ ᠤᠯᠤᠰ ᠤᠨ ᠬᠦᠴᠦᠨ ᠢ ᠣᠶᠢᠯᠠᠭᠠᠬᠤ 》 ᠭᠤᠣᠯ ᠰᠡᠳᠦᠪᠲᠦ ᠱᠤᠭᠤᠮ ᠨᠢ ᠮᠠᠨ ᠤ ᠤᠯᠤᠰ ᠤᠨ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ᠂ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠴᠢᠬᠤᠯᠠ ᠶᠡᠭᠡ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠬᠦᠷᠢᠶᠡᠨ ᠳᠤ ᠣᠯᠤᠭᠰᠠᠨ ᠨᠡᠶᠢᠭᠡᠮ ᠵᠢᠷᠤᠮ ᠤᠨ ᠬᠥᠭᠵᠢᠯᠲᠡ ᠶᠢᠨ ᠴᠢᠬᠤᠯᠠ ᠶᠡᠭᠡ ᠠᠮᠵᠢᠯᠲᠠ ᠶᠢ ᠲᠡᠯᠭᠡᠨ | ᠦᠵᠡᠭᠦᠯᠦᠨ᠎ᠡ᠃《 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠡᠶᠡᠴᠢᠯᠡᠨ ᠣᠶᠢᠯᠠᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ 》 ᠭᠤᠤᠯ ᠰᠡᠳᠦᠪᠲᠦ ᠱᠤᠭᠤᠮ ᠨᠢ ᠮᠠᠨ ᠤ | ᠤᠯᠤᠰ ᠤᠨ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠠᠷ | ᠣᠯᠤᠭᠰᠠᠨ ᠴᠢᠬᠤᠯᠠ ᠶᠡᠭᠡ ᠠᠮᠵᠢᠯᠲᠠ ᠶᠢ ᠲᠡᠯᠭᠡᠨ ᠦᠵᠡᠭᠦᠯᠦᠨ᠎ᠡ᠃ | |