2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠦᠨ᠎ᠡ ᠭᠡᠵᠦ ᠳᠤᠷᠠᠳᠪᠠ
ᠨᠡᠶᠢᠲᠡᠯᠡᠭᠰᠡᠨ ᠴᠠᠭ᠄
2021/2/26
     21 ᠳ᠋ᠦ᠋ᠭᠡᠷ ᠵᠠᠭᠤᠨ ᠠᠴᠠ ᠨᠠᠭᠠᠰᠢᠬᠢ 18 ᠳ᠋ᠤᠭᠠᠷ《 ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠵᠢᠯᠣᠭᠤᠳᠬᠤ ᠲᠦᠪ ᠤᠨ ᠨᠢᠭᠡᠳᠦᠭᠡᠷ ᠲᠤᠭᠠᠲᠤ ᠪᠢᠴᠢᠭ ᠮᠠᠲ᠋ᠧᠷᠢᠶᠠᠯ《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ  ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠰᠠᠨᠠᠯ 》 ᠢ 2 ᠳ᠋ᠤᠭᠠᠷ ᠰᠠᠷ᠎ᠠ ᠶᠢᠨ 21 ᠤ ᠡᠳᠦᠷ ᠨᠡᠶᠢᠲᠡᠯᠡᠪᠡ᠃ ᠪᠢᠴᠢᠭ ᠮᠠᠲ᠋ᠧᠷᠢᠶᠠᠯ ᠳᠤ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠤᠳᠤ ᠦᠶ᠎ᠡ  ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ ᠭᠡᠵᠦ ᠳᠤᠷᠠᠳᠪᠠ᠃       ᠪᠢᠴᠢᠭ ᠮᠠᠲ᠋ᠧᠷᠢᠶᠠᠯ ᠤᠨ ᠪᠥᠬᠦ ᠠᠭᠤᠯᠭ᠎ᠠ ᠨᠢ᠄ ᠶᠡᠷᠦᠩᠬᠡᠶ ᠱᠠᠭᠠᠷᠳᠠᠯᠭ᠎ᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ  ᠶᠡᠭᠡ ᠪᠠᠷ ᠬᠡᠷᠡᠭᠵᠢᠭᠦᠯᠬᠦ᠂ ᠨᠠᠮ ᠤᠨ《 ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ 》 ᠤ ᠠᠵᠢᠯ  ᠳᠤ ᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠶᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 26 ᠵᠦᠶᠯ ᠤᠨ ᠪᠣᠳᠠᠲᠠᠶ ᠡᠭᠦᠷᠭᠡ  ᠶᠢ ᠪᠠᠭᠲᠠᠭᠠᠭᠰᠠᠨ 5 ᠬᠡᠰᠡᠭ ᠪᠣᠶ᠃       ᠪᠢᠴᠢᠭ ᠮᠠᠲ᠋ᠧᠷᠢᠶᠠᠯ ᠳᠤ ᠲᠤᠳᠤᠷᠬᠠᠶᠢᠯᠠᠭᠰᠠ ᠨᠢ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠎ᠡ᠃ ᠠᠶᠢᠯ ᠲᠣᠰᠬᠤᠨ ᠤ ᠳᠦᠷᠰᠦ ᠪᠠᠶᠢᠳᠠᠯ ᠢ ᠬᠥᠲᠥᠯᠥᠨ ᠵᠢᠯᠣᠭᠤᠳᠬᠤ  ᠶᠢ ᠴᠢᠩᠭᠠᠳᠬᠠᠵᠤ᠂ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ ᠪᠠ ᠲᠡᠦᠬᠡ ᠰᠣᠶᠣᠯ ᠤᠨ ᠨᠠᠷᠠᠲᠤ ᠲᠣᠰᠬᠤᠨ ᠨᠠᠷᠠᠲᠤ ᠪᠠᠯᠭᠠᠰᠤ ᠶᠢ ᠬᠠᠮᠠᠭᠠᠯᠠᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ ᠰᠣᠶᠣᠯ ᠤᠨ ᠥᠪ ᠦᠯᠡᠳᠡᠭᠳᠡᠯ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠪᠣᠯᠤᠨ ᠲᠣᠰᠬᠤᠨ ᠤ ᠳᠣᠲᠣᠷᠠᠬᠢ ᠭᠤᠣᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠪᠠ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠦᠯᠢᠭᠡᠷ ᠵᠢᠱᠢᠶ᠎ᠡ  ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠤᠳᠠ ᠬᠥᠳᠡᠭᠡ  ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠲᠠᠯ᠎ᠠ ᠪᠠᠷ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠠᠵᠤ ᠦᠢᠯᠡᠰ ᠤᠨ ᠲᠠᠷᠠᠬᠠᠶ ᠪᠤᠲᠠᠷᠬᠠᠶ ᠪᠠᠶᠢᠷᠢᠰᠢᠯ ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠠᠮᠢᠳᠤᠯᠢᠭ ᠪᠥᠭᠡᠳ ᠣᠯᠠᠨ ᠶᠠᠩᠵᠤ ᠶᠢᠨ ᠭᠠᠵᠠᠷ ᠬᠠᠩᠭᠠᠬᠤ ᠰᠢᠨ᠎ᠡ ᠠᠷᠭ᠎ᠠ ᠮᠠᠶ᠋ᠢᠭ ᠢ ᠰᠦᠪᠡᠭᠴᠢᠯᠡᠨ᠎ᠡ ᠭᠡᠵᠡᠢ᠃      ᠪᠢᠴᠢᠭ ᠮᠠᠲ᠋ᠧᠷᠢᠶᠠᠯ ᠳᠤ ᠪᠠᠰᠠ ᠳᠤᠷᠠᠳᠤᠭᠰᠠᠨ ᠨᠢ᠂《 ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠳᠤ ᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠤᠲᠤᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ᠂ ᠵᠠᠯᠭᠠᠮᠵᠢᠯᠠᠨ ᠤᠯᠠᠮᠵᠢᠯᠠᠵᠤ ᠰᠢᠨ᠎ᠡ ᠶᠢ ᠡᠭᠦᠳᠦᠨ᠂ ᠬᠠᠮᠠᠭᠠᠯᠠᠨ ᠤᠯᠠᠮᠵᠢᠯᠠᠬᠤ ᠪᠠ ᠨᠡᠭᠡᠭᠡᠨ ᠠᠰᠢᠭᠯᠠᠬᠤ ᠶᠢ ᠤᠶᠠᠯᠳᠤᠭᠤᠯᠤᠨ᠂ ᠳᠤᠮᠳᠠᠳᠤ ᠶᠢᠨ ᠲᠠᠷᠢᠶᠠᠯᠠᠬᠤ ᠪᠣᠯᠪᠠᠰᠤᠨ  ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠢ ᠣᠯᠭᠤᠨ᠎ᠠ᠃ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠬᠢᠯᠡᠨ᠎ᠡ ᠭᠡᠵᠡᠢ᠃ ( ᠬᠤᠸᠠᠩ ᠭᠤᠤ ᠶᠤᠸᠠᠨ )
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号