ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ《 ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ 》 ᠢ ᠳᠠᠷᠤᠮᠠᠯᠯᠠᠨ ᠲᠠᠷᠬᠠᠭᠠᠵᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠳᠤᠷᠠᠳᠪᠠ
ᠨᠡᠶᠢᠲᠡᠯᠡᠭᠰᠡᠨ ᠴᠠᠭ᠄
2021/2/26
     ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ 《 ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ 》 ( ᠳᠣᠷᠣᠭᠰᠢ 《 ᠰᠠᠨᠠᠯ 》 ᠭᠡᠵᠦ ᠲᠣᠪᠴᠢᠯᠠᠨ᠎ᠠ ) ᠳᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠴᠢᠳᠠᠪᠤᠷᠢᠲᠠᠨ  ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ ᠬᠡᠵᠦ ᠳᠤᠷᠠᠳᠪᠠ᠃     《 ᠰᠠᠨᠠᠯ 》 ᠳᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠬᠥᠳᠡᠭᠡ ᠪᠠᠭᠤᠵᠤ ᠦᠶᠯᠡᠴᠢᠯᠡᠬᠦ ᠶᠢ ᠠᠬᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠳᠡᠶᠢᠰᠢ ᠭᠤᠤᠯᠳᠠᠯᠭ᠎ᠠ ᠲᠠᠢ ᠬᠡᠯᠪᠡᠶᠢᠯᠭᠡᠨ᠎ᠡ︔ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠰᠦᠯᠵᠢᠶᠡᠨ ᠤ ᠦᠵᠡᠵᠦ ᠰᠣᠨᠣᠰᠬᠤ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ ᠤᠳᠬ᠎ᠠ ᠤᠷᠠᠯᠢᠭ ᠤᠨ ᠪᠦᠯᠬᠦᠮ᠂ ᠵᠣᠬᠢᠶᠠᠨ ᠪᠦᠲᠦᠭᠡᠬᠦ ᠪᠦᠯᠬᠦᠮ᠂ ᠰᠣᠶᠣᠯ ᠤᠨ ᠰᠠᠶᠢᠨ ᠳᠤᠷᠠᠴᠤᠳ᠂ ᠪᠣᠳᠠᠰ ᠤᠨ ᠪᠤᠰᠤ ᠰᠣᠶᠣᠯ ᠤᠨ ᠥᠪ  ᠢ ᠥᠪᠯᠡᠨ ᠤᠯᠠᠮᠵᠢᠯᠠᠭᠴᠢ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠦᠭᠴᠢ ᠶᠢ ᠬᠥᠮᠦᠵᠢᠭᠦᠯᠦᠨ᠎ᠡ  ᠬᠡᠵᠦ ᠳᠤᠷᠠᠳᠪᠠ᠃     《 ᠰᠠᠨᠠᠯ 》 ᠳᠤ ᠪᠠᠰᠠ᠂ ᠬᠥᠳᠡᠭᠡ ᠲᠣᠰᠬᠤᠨ ᠤ ᠤᠷᠠᠨ ᠳᠠᠷᠬᠠᠨ ᠢ ᠪᠣᠶᠢᠵᠢᠭᠤᠯᠤᠨ᠎ᠠ︔ ᠬᠥᠳᠡᠭᠡ ᠲᠣᠰᠬᠤᠨ ᠤ ᠭᠠᠷ ᠤᠷᠠᠯᠢᠭᠴᠢᠨ᠂ ᠤᠯᠠᠮᠵᠢᠯᠠᠯᠲᠤ ᠤᠷᠠᠯᠢᠭᠴᠢᠨ ᠢ  ᠰᠢᠯᠢᠨ ᠬᠥᠮᠦᠵᠢᠭᠦᠯᠵᠦ᠂ ᠨᠠᠷᠠᠲᠤ ᠪᠠᠭᠰᠢ ᠶᠢᠨ ᠠᠵᠢᠯᠯᠠᠬᠤ ᠲᠠᠰᠤᠭ᠂ ᠮᠠᠰᠲ᠋ᠧᠷ ᠤᠨ ᠵᠢᠭᠠᠨ ᠰᠤᠷᠭᠠᠬᠤ ᠭᠠᠵᠠᠷ ᠵᠡᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠤᠯᠠᠮᠵᠢᠯᠠᠯᠲᠤ ᠤᠷ᠎ᠠ ᠮᠡᠷᠭᠡᠵᠢᠯ ᠢ ᠤᠯᠠᠮᠵᠢᠯᠠᠨ ᠬᠥᠭᠵᠢᠭᠦᠯᠦᠨ᠎ᠡ︔ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠤᠯᠠᠮᠵᠢᠯᠠᠯᠲᠤ ᠤᠷ᠎ᠠ ᠮᠡᠷᠭᠡᠰᠢᠯ ᠢ ᠤᠯᠠᠮᠵᠢᠯᠠᠨ ᠵᠠᠯᠭᠠᠮᠵᠢᠯᠠᠭᠴᠢ ᠶᠢᠨ ᠰᠤᠷᠭᠠᠨ ᠬᠥᠮᠦᠵᠢᠯ ᠥᠷᠨᠢᠭᠦᠯᠬᠦ ᠶᠢ ᠵᠣᠷᠢᠭᠵᠢᠭᠤᠯᠤᠨ᠎ᠠ︔ ᠤᠯᠠᠮᠵᠢᠯᠠᠯᠲᠤ ᠤᠷ᠎ᠠ ᠮᠡᠷᠭᠡᠰᠢᠯ ᠤᠨ ᠴᠢᠳᠠᠪᠤᠷᠢᠲᠠᠨ ᠲᠥᠪᠯᠡᠷᠡᠭᠰᠡᠨ ᠭᠠᠵᠠᠷ ᠲᠤ ᠠᠵᠢᠯᠯᠠᠬᠤ ᠥᠷᠲᠡᠭᠡ ᠪᠠᠶᠢᠭᠤᠯᠵᠤ᠂ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ᠂ ᠨᠡᠷᠡᠲᠦ ᠲᠡᠮᠳᠡᠭᠲᠦ ᠶᠢ ᠪᠣᠶᠢᠵᠢᠭᠤᠯᠬᠤ ᠠᠵᠢᠯ ᠢ ᠥᠷᠨᠢᠭᠦᠯᠬᠦ ᠬᠡᠷᠡᠭᠲᠡᠶ︔ ᠤᠯᠠᠮᠵᠢᠯᠠᠯᠲᠤ ᠤᠷ᠎ᠠ ᠮᠡᠷᠭᠡᠰᠢᠯ ᠤᠨ ᠴᠢᠳᠠᠪᠤᠷᠢᠲᠠᠨ ᠤ ᠣᠨᠴᠠᠯᠢᠭᠲᠤ ᠠᠵᠤ ᠠᠬᠤᠶᠢᠯᠠᠯ ᠡᠭᠦᠳᠦᠨ ᠪᠠᠶᠢᠭᠤᠯᠬᠤ ᠶᠢ ᠳᠠᠮᠵᠢᠨ ᠵᠣᠷᠢᠭᠵᠢᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠭᠠᠷ ᠦᠶᠯᠡᠳᠪᠦᠷᠢ ᠶᠢ ᠳᠠᠶᠢᠴᠢᠯᠠᠨ ᠬᠥᠭᠵᠢᠭᠦᠯᠦᠨ᠎ᠡ︔ ᠬᠥᠳᠡᠭᠡ ᠲᠣᠰᠬᠤᠨ ᠤ ᠲᠥᠯᠥᠪᠵᠢᠭᠦᠯᠭᠡ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠎ᠠ︔ ᠬᠥᠳᠡᠭᠡ ᠲᠣᠰᠬᠤᠨ ᠢ ᠰᠠᠶᠢᠨ ᠤᠶᠢᠯᠠᠭᠠᠬᠤ ᠠᠬᠠᠯᠠᠭᠴᠢ ᠲᠥᠯᠥᠪᠵᠢᠭᠦᠯᠦᠭᠴᠢ᠂ ᠬᠥᠳᠡᠭᠡ ᠲᠣᠰᠬᠤᠨ ᠤ ᠲᠥᠯᠥᠪᠵᠢᠭᠦᠯᠦᠭᠴᠢ᠂ ᠪᠠᠷᠢᠯᠭᠠᠴᠢᠨ᠂ ᠵᠢᠷᠤᠭᠯᠠᠨ ᠲᠥᠯᠥᠪᠯᠡᠭᠴᠢ ᠵᠢᠴᠢ ᠪᠦᠯᠬᠦᠮ ᠨᠡᠶᠢᠲᠡ ᠶᠢᠨ ᠬᠢᠨ ᠤ ᠠᠶᠢᠯ ᠲᠣᠰᠬᠤᠨ ᠤ ᠲᠥᠯᠥᠪᠵᠢᠭᠦᠯᠭᠡ ᠵᠢᠷᠤᠭᠯᠠᠯ᠂ ᠤᠨᠴᠠᠯᠢᠭᠲᠤ ᠦᠵᠡᠮᠵᠢ ᠵᠤᠬᠢᠶᠠᠬᠤ᠂ ᠰᠤᠶᠤᠯ ᠢᠷᠭᠡᠨᠰᠢᠯ ᠤᠨ ᠳᠦᠷᠢ ᠲᠥᠷᠬᠦ ᠶᠢ ᠬᠥᠲᠥᠯᠦᠨ ᠵᠢᠯᠣᠭᠤᠳᠬᠤ ᠳᠤ ᠣᠷᠣᠯᠴᠠᠬᠤ ᠶᠢ ᠳᠡᠮᠵᠢᠵᠦ ᠂ ᠵᠢᠷᠤᠭᠯᠠᠨ ᠲᠥᠯᠥᠪᠯᠡᠵᠦ ᠪᠥᠲᠥᠭᠡᠨ ᠪᠠᠶᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠤᠨᠴᠠᠯᠢᠭᠲᠤ ᠳᠦᠷᠢ ᠲᠥᠷᠬᠦ ᠶᠢ ᠪᠣᠶ ᠪᠣᠯᠭᠠᠨ᠎ᠠ ᠭᠡᠵᠦ ᠳᠤᠷᠠᠳᠪᠠ  ᠃     《 ᠰᠠᠨᠠᠯ 》 ᠳᠤ᠂ 2025 ᠣᠨ ᠪᠣᠯᠬᠤ ᠳᠤ᠂ ᠬᠥᠳᠡᠭᠡ ᠲᠣᠰᠬᠤᠨ  ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠢᠮ ᠤᠨ ᠪᠣᠷᠣ ᠵᠢᠷᠤᠭ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠨᠳᠦᠰᠦᠨ ᠳᠤ ᠪᠠᠨ  ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠬᠦᠷᠢᠶᠡᠨ ᠤ ᠴᠢᠳᠠᠪᠤᠷᠢᠲᠠᠨ ᠤ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠡᠪ ᠪᠣᠯᠪᠠᠰᠤᠷᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠶᠯᠡᠴᠢᠯᠡᠬᠦ ᠪᠠᠶᠢᠷᠢᠰᠢᠯ ᠢ ᠦᠨᠳᠦᠰᠦᠨ ᠳᠤ ᠪᠠᠨ ᠪᠦᠷᠢᠯᠳᠦᠭᠦᠯᠵᠦ᠂ ᠬᠥᠳᠡᠭᠡ ᠲᠣᠰᠬᠤᠨ ᠤ ᠴᠢᠳᠠᠪᠤᠷᠢᠲᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠦᠨᠳᠦᠰᠦᠨ ᠬᠡᠷᠡᠭᠴᠡᠭᠡ ᠶᠢ ᠠᠩᠬ᠎ᠠ ᠠᠯᠬᠤᠮ ᠬᠠᠩᠭᠠᠨ᠎ᠠ ᠭᠡᠵᠦ ᠳᠤᠷᠠᠳᠤᠭᠰᠠᠨ ᠪᠠᠶᠢᠨ᠎ᠠ  ᠃ ( ᠬᠤᠸᠠᠩ ᠭᠤᠤ ᠶᠤᠸᠠᠨ)
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号