ᠲᠥᠷᠥ ᠶᠢᠨ ᠶᠠᠪᠤᠳᠠᠯ ᠤᠨ ᠬᠤᠷᠢᠶ᠎ᠠ᠄ ᠪᠠᠭᠤᠳᠠᠯ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ  ᠬᠢᠨ ᠤ ᠨᠢᠭᠡ ᠯᠡ ᠤᠳᠠᠭᠠᠨ ᠤ ᠴᠢᠨᠠᠷᠲᠠᠢ ᠬᠡᠷᠡᠭᠰᠡᠯ  ᠢ ᠰᠠᠨᠠᠭᠠᠴᠢᠯᠠᠭ᠎ᠠ ᠠᠴᠠ ᠪᠠᠨ ᠬᠠᠩᠭᠠᠬᠤ ᠦᠭᠡᠢ ᠪᠠᠶᠢᠬᠤ ᠶᠢ ᠰᠠᠨᠠᠭᠠᠴᠢᠯᠠᠨ᠎ᠠ
ᠨᠡᠶᠢᠲᠡᠯᠡᠭᠰᠡᠨ ᠴᠠᠭ᠄
2021/2/26
     ᠲᠥᠷᠥ ᠶᠢᠨ ᠶᠠᠪᠤᠳᠠᠯ ᠤᠨ ᠬᠤᠷᠢᠶᠠᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ 《 ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠤᠷᠴᠢᠯᠲᠦ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ  ᠶᠢ ᠲᠦᠷᠭᠡᠳᠬᠡᠬᠦ ᠲᠤᠬᠠᠶ ᠵᠢᠯᠣᠭᠤᠳᠬᠤ ᠰᠠᠨᠠᠯ 》 ( ᠳᠣᠷᠣᠭᠰᠢ 《 ᠰᠠᠨᠠᠯ 》 ᠭᠡᠵᠦ ᠲᠣᠪᠴᠢᠯᠠᠨ᠎ᠠ ) ᠳᠤ᠂ ᠦᠶᠯᠡᠴᠢᠯᠡᠭᠡᠨ ᠤ ᠦᠶᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ︔ ᠪᠠᠭᠤᠳᠠᠯ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ ᠬᠢᠨ   ᠤ ᠨᠢᠭᠡ ᠯᠡ ᠤᠳᠠᠭᠠᠨ ᠤ ᠴᠢᠨᠠᠷᠲᠠᠶ ᠬᠡᠷᠡᠭᠰᠡᠯ ᠢ ᠰᠠᠨᠠᠭᠠᠴᠢᠯᠠᠭ᠎ᠠ ᠠᠴᠠ ᠪᠠᠨ ᠬᠠᠩᠭᠠᠬᠤ ᠦᠭᠡᠢ ᠪᠠᠶᠢᠬᠤ   ᠶᠢ  ᠰᠠᠨᠠᠭᠠᠴᠢᠯᠠᠵᠤ᠂ ᠶᠠᠪᠤᠵᠤ ᠰᠠᠭᠤᠬᠤ᠂ ᠬᠤᠨᠣᠵᠤ ᠬᠡᠪᠲᠡᠬᠦ ᠵᠡᠷᠭᠡ ᠬᠦᠷᠢᠶᠡᠨ ᠳᠤ ᠬᠢ ᠬᠠᠮᠲᠤ ᠪᠠᠷ ᠡᠳ᠋ᠯᠡᠬᠦ ᠠᠵᠤ ᠠᠬᠤᠢ ᠶᠢ ᠡᠮᠬᠢ ᠵᠢᠷᠤᠮ ᠲᠠᠢ ᠬᠥᠭᠵᠢᠭᠦᠯᠵᠦ᠂ ᠰᠤᠯᠠ ᠳᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠠᠷᠠᠯᠵᠢᠶ᠎ᠠ ᠶᠢ ᠵᠢᠷᠤᠮᠵᠢᠭᠤᠯᠤᠨ ᠬᠥᠭᠵᠢᠭᠦᠯᠦᠨ᠎ᠡ ᠭᠡᠵᠦ ᠳᠤᠷᠠᠳᠪᠠ᠃     《 ᠰᠠᠨᠠᠯ 》 ᠳᠤ ᠪᠠᠰᠠ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ  ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ︔ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠢ ᠪᠦᠷᠢᠯᠭᠡᠨ ᠰᠦᠶᠳᠬᠡᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ︔ ᠲᠣᠭᠤᠭᠠᠨ ᠭᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠥᠬᠡᠶᠢᠳᠡᠭᠦᠯᠦᠨ ᠰᠢᠶᠳᠪᠦᠷᠢᠯᠡᠬᠦ ᠶᠢ ᠰᠠᠶᠢᠲᠤᠷ ᠬᠢᠨ᠎ᠡ︔ ᠬᠤᠪᠠᠨᠴᠢᠷ  ᠤᠨ ᠪᠣᠬᠢᠷᠲᠤᠯ ᠤᠨ ᠪᠦᠬᠦ ᠬᠡᠯᠬᠢᠶᠡᠨ ᠤ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ︔ ᠲᠠᠷᠢᠶᠠᠯᠠᠩ ᠪᠠ ᠵᠢᠭᠤᠯᠴᠢᠯᠠᠯ᠂ ᠰᠤᠷᠭᠠᠨ ᠬᠥᠮᠦᠵᠢᠯ᠂ ᠰᠣᠶᠣᠯ᠂ ᠡᠷᠡᠭᠦᠯ ᠮᠡᠨᠳᠦ ᠵᠡᠷᠭᠡ ᠠᠵᠤ ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ᠨᠢᠭᠡᠳᠦᠭᠡᠷ  ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ︔ ᠬᠤᠷᠠᠯ ᠦᠵᠡᠰᠬᠦᠯᠡᠩ ᠤᠨ ᠦᠶᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠠᠵᠢᠯ ᠲᠥᠷᠥᠯ ᠤᠨ ᠬᠠᠮᠢᠶ᠎ᠠ ᠪᠥᠬᠦᠶ ᠪᠣᠬᠢᠷᠲᠤᠯ ᠥᠬᠡᠶ ᠪᠠᠷᠢᠮᠵᠢᠶ᠎ᠠ ᠶᠢ ᠵᠢᠯᠣᠭᠤᠳᠤᠨ ᠲᠣᠭᠲᠠᠭᠠᠵᠤ᠂ ᠦᠵᠡᠰᠬᠦᠯᠡᠩ ᠡᠷᠭᠢᠯᠡᠬᠦ ᠪᠡᠯᠡᠳᠬᠡᠮᠵᠢ ᠶᠢ ᠡᠷᠭᠢᠯᠳᠦᠭᠦᠯᠦᠨ ᠬᠡᠷᠡᠭᠯᠡᠬᠦ ᠶᠢ ᠠᠬᠢᠭᠤᠯᠤᠨ᠎ᠠ︔ ᠠᠵᠢᠯ ᠲᠥᠷᠥᠯ ᠤᠨ ᠨᠡᠶᠢᠭᠡᠮᠯᠢᠭ  ᠤᠨ ᠵᠢᠷᠤᠮᠵᠢᠭᠤᠯᠬᠤ᠂ ᠠᠰᠠᠭᠤᠨ ᠯᠠᠪᠯᠠᠵᠤ ᠦᠶᠯᠡᠴᠢᠯᠡᠬᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠲᠥᠷᠥᠯ ᠤᠨ ᠬᠠᠩᠭᠠᠯᠭ᠎ᠠ ᠶᠢᠨ  ᠬᠡᠯᠬᠢᠶᠡᠰᠦᠨ  ᠤ ᠪᠣᠬᠢᠷᠲᠤᠯ ᠥᠬᠡᠶ ᠪᠣᠯᠭᠠᠬᠤ ᠬᠢᠷᠢ ᠬᠡᠮᠵᠢᠶ᠎ᠡ ᠪᠠᠨ  ᠳᠡᠭᠡᠭᠰᠢᠯᠡᠬᠦᠯᠬᠦ  ᠶᠢ ᠵᠤᠷᠢᠭᠵᠢᠭᠤᠯᠤᠨ᠎ᠠ  ᠭᠡᠵᠦ ᠳᠤᠷᠠᠳᠤᠭᠰᠠᠨ ᠪᠠᠶᠢᠨ᠎ᠠ᠃     《 ᠰᠠᠨᠠᠯ 》 ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠥᠬᠡᠶ ᠲᠤᠭᠤᠰᠢᠯᠠᠭᠤᠯᠵᠤ ᠂ ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠲᠥᠯᠥᠪᠯᠡᠭᠡ᠂ ᠪᠣᠬᠢᠷᠲᠤᠯ ᠥᠬᠡᠶ ᠪᠠᠯᠠ ᠣᠷᠣᠭᠤᠯᠤᠯᠲᠠ ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠶᠯᠡᠳᠪᠦᠷᠢᠯᠡᠯ᠂ ᠪᠣᠬᠢᠷᠲᠤᠯ ᠥᠬᠡᠶ ᠭᠦᠶᠯᠭᠡᠭᠡ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠡᠷᠡᠭᠯᠡᠭᠡ ᠶᠢ ᠪᠥᠬᠦ ᠲᠠᠯ᠎ᠠ ᠪᠠᠷ᠂ ᠪᠥᠬᠦ ᠶᠠᠪᠤᠴᠠ  ᠳᠤ ᠬᠡᠷᠡᠭᠵᠢᠭᠦᠯᠬᠦ ᠬᠡᠷᠡᠭᠲᠡᠶ︔ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠬᠢᠷᠲᠤᠯ ᠦᠭᠡᠢ ᠳᠣᠤᠷ᠎ᠠ ᠨᠡᠭᠦᠷᠡᠰᠦᠲᠥ᠋ᠷᠥᠭᠴᠢᠲᠦ ᠤᠷᠴᠢᠯᠲᠠ ᠬᠥᠭᠵᠢᠯᠲᠡ ᠶᠢᠨ ᠠᠵᠤ ᠠᠬᠤᠢ ᠶᠢᠨ  ᠰᠢᠰᠲ᠋ᠧᠮ  ᠢ ᠪᠠᠶᠢᠭᠤᠯᠤᠨ ᠪᠦᠷᠢᠨᠰᠢᠬᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠲᠡᠭᠦᠨ ᠢ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ︔ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠣᠶ ᠪᠣᠯᠭᠠᠬᠤ ᠬᠡᠷᠡᠭᠲᠡᠶ︔ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠡᠯᠡᠬᠡᠢ ᠶᠢᠨ ᠡᠯ᠎ᠡ ᠤᠯᠤᠰ ᠪᠣᠯᠤᠨ ᠭᠠᠵᠠᠷ ᠣᠷᠣᠨ  ᠯᠤᠭ᠎ᠠ ᠶᠢᠨ ᠪᠣᠬᠢᠷᠲᠤᠯ ᠦᠭᠡᠢ ᠳᠣᠤᠷ᠎ᠠ ᠨᠡᠭᠦᠷᠡᠰᠦᠲᠥ᠋ᠷᠥᠭᠴᠢᠲᠦ  ᠤᠷᠴᠢᠯᠲᠠ ᠬᠥᠭᠵᠢᠯᠲᠡ ᠶᠢᠨ ᠬᠦᠷᠢᠶᠡᠨ  ᠳᠤ  ᠬᠢ ᠲᠦᠷᠦ ᠶᠢᠨ ᠪᠤᠳᠤᠯᠭ᠎ᠠ ᠶᠢᠨ ᠤᠯᠤᠯᠴᠠᠭ᠎ᠠ᠂ ᠮᠡᠷᠭᠡᠵᠢᠯ ᠤᠨ ᠰᠣᠯᠢᠯᠴᠠᠭ᠎ᠠ᠂ ᠲᠦᠷᠦᠯ ᠵᠦᠢᠯ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ ᠪᠣᠯᠪᠠᠰᠤᠷᠠᠯ ᠵᠡᠷᠭᠡ ᠶᠢ ᠴᠢᠩᠭᠠᠳᠬᠠᠵᠤ᠂ ᠮᠠᠨ ᠤ ᠤᠯᠤᠰ ᠤᠨ ᠳᠡᠯᠡᠬᠡᠢ ᠶᠢᠨ ᠪᠣᠬᠢᠷᠲᠤᠯ ᠦᠭᠡᠢ ᠳᠣᠤᠷ᠎ᠠ ᠨᠡᠭᠦᠷᠡᠰᠦᠲᠥ᠋ᠷᠥᠭᠴᠢᠲᠦ ᠤᠷᠴᠢᠯᠲᠠ ᠬᠥᠭᠵᠢᠯᠲᠡ ᠶᠢ ᠠᠬᠢᠭᠤᠯᠬᠤ ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ( ᠱᠧᠨ ᠰᠢᠶᠤᠤ )
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号