ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠳᠤᠯᠬᠤ ᠬᠦᠷᠢᠶᠡᠯᠡᠩ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠳᠤᠯᠬᠤ ᠬᠦᠷᠢᠶᠡᠯᠡᠩ ( ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠫᠠᠶᠢᠰᠠ ᠶᠢ ᠡᠯᠭᠦᠨ᠎ᠡ ) ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ  ᠤᠨ  ᠨᠢᠭᠡᠴᠢ ᠪᠣᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠤᠷᠠᠯᠢᠭ ᠤᠨ ᠬᠠᠮᠢᠶ᠎ᠠ ᠪᠦᠬᠦᠢ ᠣᠨᠣᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠣᠨᠣᠯ  ᠤᠨ ᠰᠤᠳᠤᠯᠤᠯ ᠪᠣᠯᠤᠨ ᠤᠷᠠᠯᠢᠭ ᠤᠨ ᠰᠢᠭᠦᠮᠵᠢ ᠶᠢᠨ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠪᠤᠯᠪᠠᠰᠤᠷᠠᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠬᠢᠯᠡᠨ᠎ᠡ᠃      2 . ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠳᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠡᠭᠦᠷᠭᠡᠯᠡᠨ᠎ᠡ᠃      3 . ᠤᠷᠠᠯᠢᠭ ᠤᠨ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠠᠯᠢᠭ ᠤᠨ ᠰᠤᠳᠤᠯᠤᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠠᠮᠢᠶ᠎ᠠ ᠪᠦᠬᠦᠢ ᠰᠡᠳᠬᠦᠯ ᠢ ᠨᠠᠶᠢᠷᠠᠭᠤᠯᠤᠨ ᠬᠡᠪᠯᠡᠭᠦᠯᠦᠨ᠎ᠡ᠃      4 . ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠵᠢᠴᠢ ᠬᠠᠮᠢᠶ᠎ᠠ ᠪᠥᠬᠦᠶ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠪᠥᠬᠦ ᠣᠷᠣᠨ ᠤ ᠪᠣᠳᠠᠰ ᠤᠨ ᠪᠤᠰᠤ ᠰᠣᠶᠣᠯ  ᠤᠨ ᠥᠪ ᠤᠨ ᠳᠥᠷᠪᠡᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ᠂ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠵᠢᠴᠢ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠠᠬᠢᠭᠤᠯᠤᠨ᠎ᠠ᠃      5 . ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ ᠵᠢᠴᠢ ᠤᠯᠠᠮᠵᠢᠯᠠᠨ ᠵᠠᠯᠭᠠᠮᠵᠢᠯᠠᠭᠴᠢ ᠳᠤ ᠪᠠᠶᠢᠴᠠᠭᠠᠨ ᠰᠤᠳᠤᠯᠤᠯᠲᠠ ᠬᠢᠵᠦ ᠨᠤᠲᠠᠯᠠᠬᠤ ᠵᠡᠷᠭᠡ ᠠᠵᠢᠯ ᠢ ᠡᠭᠦᠷᠭᠡᠯᠡᠨ᠎ᠡ᠃      6 .ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠭᠡᠷ ( ᠠᠵᠢᠯᠲᠠᠨ ᠤ ᠰᠠᠯᠠᠭ᠎ᠠ )᠂ ᠰᠤᠳᠤᠯᠬᠤ ᠲᠠᠰᠤᠭ᠂ ᠬᠠᠮᠠᠭᠠᠯᠠᠬᠤ ᠰᠠᠯᠠᠭ᠎ᠠ᠂ ᠵᠣᠬᠢᠶᠠᠨ ᠪᠦᠲᠦᠭᠡᠬᠦ ᠲᠠᠰᠤᠭ᠂ 《 ᠥᠪᠥᠷ ᠮᠣᠩᠭᠤᠯ  ᠤᠨ ᠤᠷᠠᠯᠢᠭ 》 ᠨᠠᠶᠢᠷᠠᠭᠤᠯᠬᠤ ᠬᠡᠯᠲᠡᠰ᠂ ᠳᠠᠩᠰᠠ ᠡᠪᠬᠡᠮᠡᠯ ᠤᠨ ᠲᠠᠰᠤᠭ᠂ ᠪᠤᠯᠪᠠᠰᠤᠷᠠᠯ ᠤᠨ ᠰᠠᠯᠠᠭ᠎ᠠ ᠵᠡᠷᠭᠡ ᠰᠠᠯᠠᠭ᠎ᠠ ᠶᠢᠨ ᠲᠡᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号