ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ( ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠲᠡᠨ ᠤ ᠨᠣᠮ ᠪᠢᠴᠢᠭ ᠢ ᠬᠠᠮᠠᠭᠠᠯᠠᠬᠤ ᠲᠥᠪ ᠤᠨ ᠫᠠᠶᠢᠰᠠ ᠶᠢ ᠡᠯᠭᠦᠨ᠎ᠡ ) ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ  ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠨᠣᠮ ᠪᠢᠴᠢᠭ ᠵᠡᠷᠭᠡ ᠰᠤᠷᠪᠤᠯᠵᠢ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠤᠪᠢᠶᠠᠨ ᠨᠠᠶᠢᠷᠠᠭᠤᠯᠬᠤ᠂ ᠬᠠᠳᠠᠭᠠᠯᠠᠬᠤ᠂ ᠳᠡᠪᠰᠢᠭᠦᠯᠬᠦ᠂ ᠰᠤᠳᠤᠯᠬᠤ᠂ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃      2 . ᠨᠡᠶᠢᠭᠡᠮ ᠨᠡᠶᠢᠲᠡ ᠳᠤ ᠬᠠᠨᠳᠤᠭᠤᠯᠤᠨ ᠰᠦᠶᠳᠬᠡᠯ ᠬᠤᠷᠢᠶᠠᠬᠤ ᠥᠬᠡᠶ ᠪᠠᠷ ᠴᠢᠯᠥᠭᠡᠲᠡᠶ ᠨᠡᠭᠡᠭᠡᠵᠦ᠂ ᠨᠣᠮ ᠪᠢᠴᠢᠭ ᠵᠢᠭᠡᠯᠡᠵᠦ ᠤᠩᠰᠢᠬᠤ᠂ ᠯᠠᠪᠯᠠᠵᠤ ᠵᠦᠪᠯᠡᠬᠦ᠂ ᠮᠡᠳᠡᠭᠡ ᠵᠠᠩᠭᠢ ᠬᠠᠩᠭᠠᠬᠤ ᠵᠡᠷᠭᠡ ᠦᠶᠯᠡᠴᠢᠯᠡᠭᠡ ᠬᠠᠩᠭᠠᠨ᠎ᠠ᠃      3 . ᠨᠣᠮ ᠤᠨ ᠰᠠᠩ ᠤᠨ ᠤᠶᠤᠨᠴᠢᠯᠠᠬᠤ ᠪᠠᠶᠢᠭᠤᠯᠤᠯᠲᠠ᠂ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ  ᠤᠨ ᠪᠠᠶᠢᠭᠤᠯᠤᠯᠲᠠ ᠪᠠ ᠦᠶᠯᠡᠴᠢᠯᠡᠭᠡ ᠵᠡᠷᠭᠡ ᠠᠵᠢᠯ ᠢ ᠠᠬᠢᠭᠤᠯᠵᠤ᠂ ᠰᠢᠨ᠎ᠡ ᠶᠢ ᠡᠭᠦᠳᠬᠦ ᠦᠶᠯᠡᠴᠢᠯᠡᠭᠡᠨ ᠤ ᠲᠥᠷᠥᠯ ᠵᠦᠶᠯ ᠢ ᠳᠡᠯᠭᠡᠷᠡᠭᠦᠯᠦᠨ᠎ᠡ᠃      4 . ᠬᠥᠮᠦᠵᠢᠯ ᠪᠤᠯᠪᠠᠰᠤᠷᠠᠯ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠣᠯᠭ᠎ᠠ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠣᠨᠣᠯ ᠤᠨ ᠰᠤᠳᠤᠯᠭᠠᠨ᠂ ᠲᠠᠶᠢᠯᠤᠮᠵᠢ ᠦᠵᠡᠰᠬᠦᠯᠡᠩ᠂ ᠭᠠᠳᠠᠭᠠᠳᠤ ᠰᠣᠯᠢᠯᠴᠠᠭ᠎ᠠ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠶᠢ ᠥᠷᠨᠢᠭᠦᠯᠦᠨ᠎ᠡ︔ ᠪᠦᠬᠦ ᠠᠷᠠᠳ ᠤᠨ ᠤᠩᠰᠢᠯᠭ᠎ᠠ  ᠶᠢ ᠠᠬᠢᠭᠤᠯᠬᠤ᠂ ᠬᠥᠲᠥᠯᠥᠨ ᠵᠢᠯᠣᠭᠤᠳᠬᠤ ᠳᠤ ᠦᠢᠯᠡᠴᠢᠯᠡᠨ᠎ᠡ︔ ᠦᠨᠳᠦᠰᠦᠨ ᠱᠠᠲᠤᠨ ᠤ ᠨᠣᠮ ᠤᠨ ᠰᠠᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠨ᠎ᠠ᠃      5 . ᠣᠷᠣᠨ ᠨᠤᠲᠤᠭ ᠤᠨ ᠰᠤᠷᠪᠤᠯᠵᠢ ᠪᠢᠴᠢᠭ᠂ ᠦᠨᠳᠦᠰᠦᠲᠡᠨ ᠤ ᠰᠤᠷᠪᠤᠯᠵᠢ ᠪᠢᠴᠢᠭ ᠪᠣᠯᠤᠨ ᠡᠷᠲᠡᠨ ᠤ ᠰᠤᠷᠪᠤᠯᠵᠢ ᠪᠢᠴᠢᠭ ᠵᠡᠷᠭᠡ ᠮᠠᠲ᠋ᠧᠷᠢᠶᠠᠯ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠯᠡᠬᠦ᠂ ᠰᠤᠳᠤᠯᠬᠤ᠂ ᠬᠠᠮᠠᠭᠠᠯᠠᠬᠤ᠂ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃      6 . ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ( ᠬᠤᠶᠠᠷ ) ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂ ᠡᠳ᠋ ᠤᠨ ᠶᠠᠪᠤᠳᠠᠯ ᠤᠨ ᠰᠠᠯᠠᠭ᠎ᠠ᠂ ᠰᠤᠷᠪᠤᠯᠵᠢᠯᠠᠨ ᠨᠠᠶᠢᠷᠠᠭᠤᠯᠬᠤ ᠬᠡᠯᠲᠡᠰ ᠂ ᠤᠩᠰᠢᠭᠴᠢ ᠳᠤ ᠦᠶᠯᠡᠴᠢᠯᠡᠬᠦ ᠬᠡᠯᠲᠡᠰ᠂ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠬᠡᠯᠲᠡᠰ᠂ ᠣᠨᠣᠯ ᠰᠤᠳᠤᠯᠬᠤ ᠬᠡᠯᠲᠡᠰ᠂ ᠭᠠᠳᠠᠭᠠᠳᠤ ᠬᠡᠯᠡᠨ ᠤ ᠬᠡᠯᠲᠡᠰ᠂ ᠨᠡᠶᠢᠭᠡᠮ ᠤᠨ ᠰᠤᠷᠭᠠᠨ ᠬᠥᠮᠦᠵᠢᠯ ᠤᠨ ᠬᠡᠯᠲᠡᠰ᠂ ᠮᠣᠩᠭᠤᠯ ᠬᠡᠯᠡᠨ ᠤ ᠬᠡᠯᠲᠡᠰ᠂ ᠵᠡᠮᠳᠡᠭᠴᠦᠳ ᠤᠨ ᠦᠶᠯᠡᠴᠢᠯᠡᠭᠡᠨ ᠤ ᠬᠡᠯᠲᠡᠰ᠂ ᠬᠡᠦᠬᠡᠳ ᠪᠠᠭᠠᠴᠤᠳ ᠤᠨ ᠦᠶᠯᠡᠴᠢᠯᠡᠭᠡᠨ ᠤ ᠬᠡᠯᠲᠡᠰ᠂ ᠲᠡᠦᠬᠡ ᠶᠢᠨ ᠰᠤᠷᠪᠤᠯᠵᠢ ᠪᠢᠴᠢᠭ ᠤᠨ ᠬᠡᠯᠲᠡᠰ᠂ ᠤᠩᠰᠢᠵᠤ ᠳᠡᠯᠭᠡᠷᠡᠭᠦᠯᠬᠦ ᠬᠡᠯᠲᠡᠰ᠂ ᠣᠯᠠᠨ ᠵᠠᠭᠤᠴᠢᠲᠤ ᠦᠶᠯᠡᠴᠢᠯᠡᠭᠡᠨ ᠤ ᠬᠡᠯᠲᠡᠰ ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号