ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠬᠦ᠂ ᠬᠠᠶᠢᠨ ᠰᠢᠨᠵᠢᠯᠡᠬᠦ᠂ ᠠᠭᠤᠳᠠᠯᠠᠬᠤ᠂ ᠬᠠᠮᠠᠭᠠᠯᠠᠬᠤ ᠵᠢᠴᠢ ᠰᠢᠨᠵᠢᠯᠡᠬᠦ ᠤᠬᠠᠭᠠᠨ ᠤ ᠰᠤᠳᠤᠯᠤᠯ ᠬᠢᠬᠦ ᠵᠡᠷᠭᠡ ᠠᠵᠢᠯ ᠢ ᠡᠭᠦᠷᠭᠡᠯᠡᠨ᠎ᠡ᠃      2 . ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠬᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠳᠠᠩᠰᠠ ᠡᠪᠬᠡᠮᠡᠯ ᠪᠠᠶᠢᠭᠤᠯᠬᠤ᠂ ᠤᠬᠠᠭᠤᠯᠤᠨ ᠨᠡᠶᠢᠲᠡᠯᠡᠬᠦ ᠵᠡᠷᠭᠡ ᠠᠵᠢᠯ ᠢ ᠡᠭᠦᠷᠭᠡᠯᠡᠨ᠎ᠡ᠃      3 . ᠪᠥᠬᠦ ᠣᠷᠣᠨ ᠤ ᠤᠷᠲᠤ ᠴᠠᠭᠠᠨ ᠬᠡᠷᠡᠮ ᠤᠨ ᠡᠬᠢ ᠪᠠᠶᠠᠯᠢᠭ ᠢ ᠪᠠᠶᠢᠴᠠᠭᠠᠬᠤ᠂ ᠬᠠᠮᠠᠭᠠᠯᠠᠨ ᠰᠤᠳᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      4 . ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ  ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      5 . ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠡᠭᠦᠷᠭᠡ ᠶᠢ ᠪᠡᠶᠡᠯᠡᠭᠦᠯᠦᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂ ᠬᠠᠭᠤᠴᠢ ᠰᠤᠳᠤᠯᠤᠯ ᠤᠨ ᠰᠤᠳᠤᠯᠬᠤ ᠲᠠᠰᠤᠭ᠂ ᠲᠡᠦᠬᠡ ᠶᠢᠨ ᠳᠤᠷᠠᠰᠬᠠᠯᠲᠤ ᠵᠦᠶᠯᠡᠰ  ᠢ ᠬᠠᠮᠠᠭᠠᠯᠠᠬᠤ ᠲᠠᠰᠤᠭ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠠᠰᠤᠭ᠂ ᠮᠠᠲ᠋ᠧᠷᠢᠶᠠᠯ ᠮᠡᠳᠡᠭᠡ ᠵᠠᠩᠭᠢ  ᠶᠢᠨ ᠲᠠᠰᠤᠭ᠂ ᠠᠮᠤᠷ ᠢ ᠬᠠᠮᠠᠭᠠᠯᠠᠬᠤ ᠰᠠᠯᠠᠭ᠎ᠠ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠰᠠᠯᠠᠭ᠎ᠠ ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号