ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠲᠥᠪ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ   ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠪᠠᠶᠢᠭᠤᠯᠭ᠎ᠠ ᠶᠢᠨ ᠡᠳ᠋ᠯᠡᠩ ᠤᠨ ᠬᠠᠮᠢᠶᠠᠷᠤᠯᠲᠠ᠂ ᠠᠷᠤ ᠲᠠᠯ᠎ᠠ ᠶᠢᠨ ᠠᠵᠢᠯ ᠤᠨ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ᠃      2 . ᠪᠠᠶᠢᠭᠤᠯᠭ᠎ᠠ ᠶᠢᠨ ᠪᠣᠳᠠᠲᠤ ᠡᠳ᠋ ᠬᠥᠷᠥᠩᠭᠡ ᠶᠢᠨ ᠬᠠᠮᠢᠶᠠᠷᠤᠯᠲᠠ ᠪᠣᠯᠤᠨ ᠲᠤᠰ ᠱᠠᠲᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃      3 . ᠪᠠᠶᠢᠭᠤᠯᠭ᠎ᠠ ᠶᠢ ᠬᠠᠮᠵᠢᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠭᠠᠯᠳᠤᠵᠤ ᠢᠯᠡᠴᠢᠯᠡᠭᠰᠡᠨ ᠵᠦᠶᠯᠡᠰ ᠢ ᠭᠥᠯᠢᠶᠡᠨ ᠰᠢᠶᠳᠪᠦᠷᠢᠯᠡᠵᠦ᠂ ᠰᠣᠶᠣᠯ ᠪᠠ ᠵᠢᠭᠤᠯᠴᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠯᠭ᠎ᠠ ᠶᠢᠨ ᠦᠶᠯᠡᠴᠢᠯᠡᠭᠡᠨ ᠤ ᠠᠵᠢᠯ ᠢ ᠥᠷᠨᠢᠭᠦᠯᠦᠨ᠎ᠡ᠃      4 . ᠪᠠᠶᠢᠭᠤᠯᠭ᠎ᠠ ᠶᠢ ᠬᠠᠮᠵᠢᠨ ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ ᠶᠢᠨ ᠦᠶᠯᠡᠴᠢᠯᠡᠭᠡ᠂ ᠤᠬᠠᠭᠤᠯᠤᠨ ᠲᠠᠨᠢᠯᠴᠠᠭᠤᠯᠬᠤ᠂ ᠲᠥᠯᠥᠪᠯᠡᠨ ᠲᠥᠰᠦᠪᠯᠡᠬᠦ᠂ ᠪᠠᠶᠢᠴᠠᠭᠠᠨ ᠰᠤᠳᠤᠯᠬᠤ᠂ ᠪᠦᠷᠢᠳᠬᠡᠨ ᠰᠤᠳᠤᠯᠬᠤ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠵᠤ ᠦᠶᠯᠡᠰ ᠢ ᠠᠬᠢᠭᠤᠯᠬᠤ᠂ ᠰᠤᠳᠤᠯᠭ᠎ᠠ ᠪᠤᠯᠪᠠᠰᠤᠷᠠᠯ ᠵᠡᠷᠭᠡ ᠠᠵᠢᠯ ᠢ ᠥᠷᠨᠢᠭᠦᠯᠦᠨ᠎ᠡ᠃      5 . ᠪᠠᠶᠢᠭᠤᠯᠭ᠎ᠠ ᠶᠢᠨ ᠰᠦᠯᠵᠢᠶ᠎ᠡ᠂ ᠪᠢᠴᠢᠯ ᠪᠦᠷᠭᠡ ᠶᠢᠨ ᠳ᠋ᠤᠭᠠᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠵᠢᠯᠯᠠᠭ᠎ᠠ ᠪᠠᠲᠤᠯᠠᠭ᠎ᠠ ᠶᠢ ᠡᠭᠦᠷᠭᠡᠯᠡᠨ᠎ᠡ᠃      6 . ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂ ᠠᠷᠤ ᠲᠠᠯ᠎ᠠ ᠶᠢᠨ ᠪᠠᠲᠤᠯᠠᠭ᠎ᠠ ᠶᠢᠨ ᠰᠠᠯᠠᠭ᠎ᠠ᠂ ᠵᠠᠭᠠᠯᠳᠤᠯ ᠢᠯᠡᠴᠢᠯᠡᠯ ᠢ ᠭᠥᠯᠢᠶᠡᠨ ᠰᠢᠶᠳᠪᠦᠷᠢᠯᠡᠬᠦ ᠲᠠᠰᠤᠭ᠂ ᠮᠡᠳᠡᠭᠡ ᠵᠠᠩᠭᠢ ᠤᠬᠠᠭᠤᠯᠭ᠎ᠠ ᠶᠢᠨ ᠰᠠᠯᠠᠭ᠎ᠠ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ  ᠶᠢᠨ ᠰᠠᠯᠠᠭ᠎ᠠ ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号