ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠤᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠤᠳᠤᠷᠢᠳᠤᠮᠵᠢ ᠶᠢᠨ ᠴᠢᠨᠠᠷᠲᠠᠶ᠂ ᠲᠥᠯᠥᠭᠡᠯᠡᠬᠦ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ ᠨᠡᠶᠢᠭᠡᠮ  ᠤᠨ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      2 . ᠣᠯᠠᠨ ᠨᠡᠶᠢᠲᠡ ᠶᠢᠨ ᠰᠣᠶᠣᠯ᠂ ᠦᠨᠳᠦᠰᠦᠲᠡᠨ ᠤ ᠠᠷᠠᠳ ᠤᠨ ᠰᠣᠶᠣᠯ ᠤᠨ ᠣᠨᠣᠯ ᠤᠨ ᠰᠤᠳᠤᠯᠤᠯ ᠪᠣᠯᠤᠨ ᠣᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠥᠷᠨᠢᠭᠦᠯᠦᠨ᠎ᠡ᠃ ᠣᠯᠠᠨ ᠲᠦᠮᠡᠨ ᠤ ᠰᠣᠶᠣᠯ ᠤᠨ ᠰᠡᠳᠬᠦᠯ ᠢ ᠨᠠᠶᠢᠷᠠᠭᠤᠯᠤᠨ ᠬᠡᠪᠯᠡᠭᠦᠯᠵᠦ᠂ ᠨᠡᠶᠢᠭᠡᠮ ᠤᠨ ᠤᠬᠠᠭᠤᠯᠭ᠎ᠠ ᠬᠥᠮᠦᠵᠢᠯ  ᠤᠨ ᠠᠵᠢᠯ ᠢ ᠥᠷᠨᠢᠭᠦᠯᠦᠨ᠎ᠡ᠃      3 . ᠣᠯᠠᠨ ᠲᠦᠮᠡᠨ ᠤ ᠰᠣᠶᠣᠯ ᠤᠷᠠᠯᠢᠭ ᠤᠨ ᠪᠤᠯᠪᠠᠰᠤᠷᠠᠯ ᠢ ᠬᠠᠪᠰᠤᠷᠤᠨ ᠵᠢᠯᠣᠭᠤᠳᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      4 . ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠳᠡᠯᠭᠡᠨ ᠦᠨᠡᠯᠡᠬᠦ᠂ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃      5 . ᠲᠣᠭᠠᠴᠢᠯᠠᠭᠰᠠᠨ ᠰᠣᠶᠣᠯ ᠤᠨ ᠣᠷᠳᠣᠨ ᠢ ᠪᠦᠲᠦᠭᠡᠨ ᠪᠠᠶᠢᠭᠤᠯᠬᠤ᠂ ᠦᠢᠯᠡᠴᠢᠯᠡᠬᠦ᠂ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃      6 . ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂  ᠪᠠᠶᠢᠴᠠᠭᠠᠨ ᠰᠤᠳᠤᠯᠬᠤ ᠬᠡᠯᠲᠡᠰ᠂ 《 ᠬᠤᠨ ᠭᠠᠯᠠᠭᠤ 》 ᠨᠠᠶᠢᠷᠠᠭᠤᠯᠬᠤ ᠬᠡᠯᠲᠡᠰ᠂ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ ᠬᠡᠯᠲᠡᠰ᠂ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠬᠡᠯᠲᠡᠰ᠂ ᠪᠣᠯᠪᠠᠰᠤᠷᠠᠯ ᠤᠨ ᠬᠡᠯᠲᠡᠰ  ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号