ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ  ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠶᠯᠡᠰ ᠤᠨ ᠨᠢᠭᠡᠴᠢ ᠲᠠᠢ ᠲᠡᠩᠴᠡᠨ᠎ᠡ᠃        ( ᠨᠢᠭᠡ ) ᠭᠤᠣᠯ ᠡᠭᠦᠷᠭᠡ ᠬᠠᠷᠢᠭᠤᠴᠠᠯᠭ᠎ᠠ      1. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠮᠣ ᠬᠡᠯᠪᠡᠷᠢ ᠶᠢᠨ ᠦᠵᠡᠰᠬᠦᠯᠡᠩ ᠤᠨ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠲᠥᠰᠦᠪᠯᠡᠬᠦ᠂ ᠵᠢᠷᠤᠭᠯᠠᠨ ᠲᠥᠯᠥᠪᠯᠡᠬᠦ᠂ ᠳᠡᠯᠭᠡᠨ ᠦᠵᠡᠭᠦᠯᠬᠦ᠂ ᠲᠠᠶᠢᠯᠪᠤᠷᠢᠯᠠᠨ ᠥᠭᠴᠦ ᠬᠦᠯᠢᠶᠡᠨ ᠠᠪᠬᠤ ᠵᠡᠷᠭᠡ ᠠᠵᠢᠯ ᠢ ᠡᠭᠦᠷᠭᠡᠯᠡᠨ᠎ᠡ᠃      2. ᠡᠯ᠎ᠡ ᠲᠥᠷᠥᠯ ᠤᠨ ᠲᠤᠰᠬᠠᠶ ᠰᠡᠳᠦᠪᠲᠦ ᠦᠵᠡᠰᠬᠦᠯᠡᠩ ᠤᠨ ᠲᠥᠷᠥᠯ ᠵᠦᠶᠯ ᠢ ᠳᠠᠭᠠᠭᠠᠨ ᠭᠦᠶᠴᠡᠳᠬᠡᠵᠦ᠂ ᠨᠡᠶᠢᠭᠡᠮ ᠨᠡᠶᠢᠲᠡ ᠳᠤ ᠦᠵᠡᠰᠬᠦᠯᠡᠩ ᠤᠨ ᠦᠶᠯᠡᠴᠢᠯᠡᠭᠡ ᠬᠠᠩᠭᠠᠨ᠎ᠠ᠃        3.ᠤᠯᠠᠮᠵᠢᠯᠠᠯᠲᠤ ᠭᠠᠷ ᠤᠷᠠᠯᠠᠯ᠂ ᠰᠣᠶᠣᠯ ᠤᠨ ᠪᠦᠲᠦᠭᠡᠯᠴᠢ ᠲᠦᠰᠦᠪᠯᠡᠯ ᠤᠨ ᠪᠦᠲᠦᠭᠡᠭᠳᠡᠬᠦᠨ᠂ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠲᠠᠨᠢᠯᠴᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃        4.ᠡᠬᠡ ᠣᠷᠣᠨᠴᠢ ᠦᠵᠡᠯ᠂ ᠦᠨᠳᠦᠰᠦᠲᠡᠨ ᠤ ᠪᠦᠯᠬᠦᠮᠳᠡᠯ ᠵᠡᠷᠭᠡ ᠤᠬᠠᠭᠤᠯᠭ᠎ᠠ ᠬᠥᠮᠦᠵᠢᠯ᠂ ᠣᠷᠳᠣᠨ ᠤ ᠬᠤᠭᠤᠷᠣᠨᠳᠣᠬᠢ ᠦᠵᠡᠰᠬᠦᠯᠡᠩ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃        5.ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠦᠶᠴᠡᠳᠬᠡᠯᠭᠡᠬᠦ ᠪᠠᠷ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃        ( ᠬᠤᠶᠠᠷ ) ᠳᠣᠲᠣᠭᠠᠳᠤ ᠪᠠᠶᠢᠭᠤᠯᠤᠮᠵᠢ        ᠵᠢᠩᠬᠢᠨᠢ ᠰᠠᠯᠠᠭᠠᠨ ᠤ ᠲᠠᠰ ᠤᠨ ᠳᠣᠲᠣᠭᠠᠳᠤ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂ ᠡᠳ᠋ ᠤᠨ ᠶᠠᠪᠤᠳᠠᠯ ᠤᠨ ᠰᠠᠯᠠᠭ᠎ᠠ᠂ ᠦᠵᠡᠰᠬᠦᠯᠡᠩ ᠰᠤᠳᠤᠯᠬᠤ ᠭᠠᠵᠠᠷ᠂ ᠦᠵᠡᠰᠬᠦᠯᠡᠩ ᠲᠥᠯᠥᠪᠯᠡᠬᠦ ᠭᠠᠵᠠᠷ᠂ ᠲᠣᠭᠠᠵᠢᠭᠤᠯᠤᠭᠰᠠᠨ ᠮᠡᠳᠡᠭᠡ ᠵᠠᠩᠭᠢ ᠶᠢᠨ ᠭᠠᠵᠠᠷ᠂ ᠳᠡᠯᠭᠡᠨ ᠪᠣᠷᠣᠯᠠᠭᠤᠯᠬᠤ ᠢᠨᠵᠧᠨᠧᠷᠢᠩ ᠤᠨ ᠭᠠᠵᠠᠷ᠂ ᠤᠬᠠᠭᠤᠯᠭ᠎ᠠ ᠬᠥᠮᠦᠵᠢᠯ ᠤᠨ ᠭᠠᠵᠠᠷ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号