ᠥᠪᠥᠷ ᠮᠣᠩᠭᠤᠯ ᠤᠨ ᠮᠦᠽᠧᠶ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠮᠦᠽᠧᠶ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃ ᠪᠠᠶᠢᠭᠤᠯᠤᠮᠵᠢ ᠶᠢᠨ ᠳᠡᠰ ᠪᠠᠷᠢᠮᠵᠢᠶ᠎ᠠ ᠨᠢ ᠳᠡᠳ᠋ ᠲᠢᠩᠬᠢᠮ ᠤᠨ ᠲᠠᠰ ᠲᠠᠢ ᠲᠡᠩᠴᠡᠨ᠎ᠡ      ( ᠨᠢᠭᠡ ) ᠭᠤᠣᠯ ᠡᠭᠦᠷᠭᠡ ᠬᠠᠷᠢᠭᠤᠴᠠᠯᠭ᠎ᠠ      1.ᠮᠦᠽᠧᠶ ᠳᠤ ᠬᠢ ᠳᠡᠯᠭᠡᠨ ᠲᠠᠯᠪᠢᠬᠤ᠂ ᠦᠵᠡᠭᠦᠯᠦᠯᠭᠡ ᠬᠢᠬᠦ ᠵᠢᠴᠢ ᠲᠡᠦᠬᠡ ᠶᠢᠨ ᠳᠤᠷᠠᠰᠬᠠᠯᠲᠤ ᠵᠦᠶᠯᠡᠰ  ᠤᠨ ᠬᠠᠳᠠᠭᠠᠯᠠᠵᠤ ᠪᠠᠶᠢᠭ᠎ᠠ ᠵᠦᠶᠯ ᠢ ᠬᠠᠮᠠᠭᠠᠯᠠᠨ ᠴᠤᠭᠯᠠᠭᠤᠯᠬᠤ᠂ ᠬᠤᠷᠢᠶᠠᠨ ᠬᠠᠳᠠᠭᠠᠯᠠᠬᠤ᠂ ᠰᠡᠷᠭᠦᠭᠡᠨ ᠵᠠᠰᠠᠵᠤ ᠠᠷᠠᠴᠢᠯᠠᠨ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃        2.ᠮᠦᠽᠧᠶ ᠶᠢ ᠲᠦᠯᠦᠪᠦᠷᠢ ᠦᠭᠡᠶ ᠨᠡᠭᠡᠭᠡᠬᠦ᠂ ᠲᠣᠭᠤᠷᠢᠨ ᠦᠵᠡᠭᠴᠢᠳ ᠢ ᠬᠦᠯᠢᠶᠡᠨ ᠠᠪᠬᠤ᠂ ᠨᠡᠶᠢᠭᠡᠮ  ᠤᠨ ᠰᠤᠷᠭᠠᠨ ᠬᠥᠮᠦᠵᠢᠯ ᠤᠨ ᠠᠵᠢᠯ ᠢ ᠡᠭᠦᠷᠭᠡᠯᠡᠨ᠎ᠡ᠃        3.ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠴᠤᠭᠯᠠᠭᠤᠯᠬᠤ᠂ ᠬᠤᠷᠢᠶᠠᠨ ᠬᠠᠳᠠᠭᠠᠯᠠᠵᠤ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ᠂ ᠳᠡᠯᠭᠡᠨ ᠲᠠᠯᠪᠢᠵᠤ ᠦᠵᠡᠭᠦᠯᠬᠦ ᠵᠡᠷᠭᠡ ᠠᠵᠢᠯ ᠢ ᠥᠷᠨᠢᠭᠦᠯᠦᠨ᠎ᠡ᠃      4.ᠥᠪᠥᠷ ᠮᠣᠩᠭᠤᠯ ᠤᠨ ᠲᠡᠦᠬᠡ ᠰᠣᠶᠣᠯ᠂ ᠮᠦᠽᠧᠶ ᠶᠢᠨ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ ᠤᠨ ᠰᠤᠳᠤᠯᠭᠠᠨ ᠪᠠ ᠬᠠᠮᠢᠶ᠎ᠠ ᠪᠥᠬᠦᠶ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃        5.ᠰᠣᠶᠣᠯ ᠤᠨ ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠥᠷᠨᠢᠭᠦᠯᠵᠦ᠂ ᠰᠣᠶᠣᠯ ᠤᠨ ᠠᠵᠤ ᠦᠢᠯᠡᠰ ᠯᠦᠭᠡ ᠭᠦᠨ ᠠᠭᠤᠰᠤᠯᠴᠠᠬᠤ ᠶᠢ ᠠᠬᠢᠭᠤᠯᠤᠨ᠎ᠠ᠃        6.ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠲᠡᠦᠬᠡ ᠶᠢᠨ ᠳᠤᠷᠠᠰᠬᠠᠯᠲᠤ ᠵᠦᠢᠯ᠂ ᠦᠯᠢᠭᠡᠷ ᠶᠠᠩᠵᠤ᠂ ᠬᠠᠳᠠᠭᠠᠯᠠᠯᠲᠠ ᠶᠢᠨ ᠵᠦᠢᠯᠡᠰ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃      7.ᠣᠶᠤᠨᠴᠢ ᠮᠦᠽᠧᠶ ᠶᠢ ᠨᠡᠭᠡᠭᠡᠨ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠭᠠᠵᠢᠭᠤᠯᠤᠯᠲᠠ ᠵᠡᠷᠭᠡ ᠠᠵᠢᠯ ᠢ ᠲᠦᠯᠬᠢᠨ ᠠᠬᠢᠭᠤᠯᠤᠨ᠎ᠠ᠃        8.ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃        9.ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠦᠶᠴᠡᠳᠬᠡᠯᠭᠡᠬᠦ ᠪᠠᠷ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ        ᠭᠠᠵᠠᠷ ᠤᠨ ᠲᠠᠰ ᠤᠨ ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠨᠠᠮ ᠤᠨ ᠬᠤᠷᠢᠶᠠᠨ ᠤ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠬᠠᠳᠠᠭᠠᠯᠠᠯᠲᠠ ᠶᠢᠨ ᠵᠦᠢᠯ ᠤᠨ ᠬᠡᠯᠳᠡᠰ᠂ ᠳᠡᠯᠭᠡᠨ ᠦᠵᠡᠭᠦᠯᠬᠦ ᠬᠡᠯᠲᠡᠰ᠂ ᠨᠡᠶᠢᠭᠡᠮ ᠤᠨ ᠰᠤᠷᠭᠠᠨ ᠬᠥᠮᠦᠵᠢᠯ ᠤᠨ ᠬᠡᠯᠳᠡᠰ᠂ ᠲᠥᠯᠥᠪᠵᠢᠭᠦᠯᠦᠨ ᠬᠥᠭᠵᠢᠭᠦᠯᠬᠦ ᠬᠡᠯᠲᠡᠰ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠢᠨᠠᠯᠲᠠ ᠲᠣᠭᠲᠠᠭᠠᠯᠲᠠ ᠪᠠ ᠮᠠᠲ᠋ᠧᠷᠢᠶᠠᠯ ᠤᠨ ᠬᠡᠯᠲᠡᠰ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠬᠡᠯᠲᠡᠰ᠂ ᠠᠮᠤᠷ ᠢ ᠬᠠᠮᠠᠭᠠᠯᠠᠬᠤ ᠬᠡᠯᠲᠡᠰ᠂ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠢᠶᠠᠷᠬᠤ ᠬᠡᠯᠲᠡᠰ ( ᠥᠪᠥᠷ ᠮᠣᠩᠭᠤᠯ ᠤᠨ ᠬᠤᠪᠢᠰᠬᠠᠯᠲᠤ ᠲᠡᠦᠬᠡ ᠶᠢᠨ ᠮᠦᠽᠧᠶ ᠶᠢᠨ ᠫᠠᠶᠢᠰᠠ ᠶᠢ ᠡᠯᠭᠦᠨ᠎ᠡ )᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号