ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/2/8
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠷᠪᠠᠨ ᠲᠥᠷᠥᠯ ᠤᠨ ᠬᠢᠴᠢᠶᠡᠯ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ︽ᠠᠰᠠᠭᠤᠯᠲᠠ ᠳᠤ ᠬᠠᠷᠢᠭᠤᠯᠲᠠ ᠥᠭᠬᠦ︾ ᠵᠦᠪᠳᠡᠨ ᠯᠠᠪᠯᠠᠬᠤ ᠲᠠᠪᠴᠠᠩ ᠢ ᠨᠡᠪᠲᠡᠷᠡᠭᠦᠯᠦᠭᠰᠡᠨ ᠤ ᠳᠠᠷᠠᠭ᠎ᠠ᠂ ᠣᠯᠠᠨ ᠲᠦᠮᠡᠨ ᠳᠡᠭᠡᠳᠦ ᠬᠡᠮᠵᠢᠶ᠎ᠡ ᠪᠠᠷ ᠮᠡᠳᠡᠷᠡᠵᠦ᠂ ᠵᠠᠯᠭᠠᠭ᠎ᠠ ᠪᠠᠷ ᠲᠠᠪᠴᠠᠩ ᠳᠤ ᠭᠠᠷᠴᠤ ᠮᠠᠭᠲᠠᠨ ᠰᠠᠶᠢᠰᠢᠶᠠᠵᠤ᠂ ᠪᠠᠰᠠ ᠣᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠢ ᠳᠤᠷᠠᠳᠤᠭᠰᠠᠨ ᠢ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠬᠤ ᠪᠠᠷ ᠳᠡᠮᠵᠢᠨ ᠣᠲᠣ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠭᠡᠬᠦ ᠲᠤᠰᠬᠠᠶ ᠪᠤᠯᠤᠩ ᠢ ᠭᠠᠷᠭᠠᠵᠤ᠂ ᠣᠯᠠᠨ ᠨᠡᠶᠢᠲᠡ  ᠳᠤ ᠬᠠᠨᠳᠤᠭᠤᠯᠤᠨ ᠮᠠᠳᠠᠭᠲᠠᠢ ᠠᠰᠠᠭᠤᠳᠠᠯ ᠢ ᠳᠡᠶᠢᠯᠵᠦ ᠥᠭᠬᠦ ᠪᠠᠷ ᠪᠠᠶᠢᠨ᠎ᠠ᠃      1. ᠶᠠᠭᠤ ᠶᠢ ︽ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︾ ᠭᠡᠬᠦ ᠪᠣᠶ︖      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠭᠡᠳᠡᠭ ᠨᠢ ᠦᠵᠡᠯ ᠰᠠᠨᠠᠭ᠎ᠠ ᠤᠯᠤᠰ ᠲᠥᠷᠥ ︵ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︶᠂ ᠬᠡᠯᠡ ᠪᠢᠴᠢᠭ᠂ ᠲᠡᠦᠬᠡ  ᠶᠢᠨ ᠭᠤᠷᠪᠠᠨ ᠲᠥᠷᠥᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠢᠭᠠᠵᠤ᠂ ᠤᠯᠤᠰ ᠠᠴᠠ ᠨᠢᠭᠡᠳᠦᠯᠲᠡᠶ ᠨᠠᠶᠢᠷᠠᠭᠤᠯᠵᠤ᠂ ᠨᠢᠭᠡᠳᠦᠯᠲᠡᠶ ᠬᠢᠨᠠᠨ ᠪᠠᠶᠢᠴᠠᠭᠠᠵᠤ᠂ ᠨᠢᠭᠡᠳᠦᠯᠲᠡᠶ ᠬᠡᠷᠡᠭᠯᠡᠬᠦ ᠶᠢ ᠵᠢᠭᠠᠵᠤ ᠪᠣᠶ᠃ ᠡᠨᠡ ᠪᠣᠯ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠬᠤ ᠭᠤᠤᠯ ᠵᠢᠭᠠᠬᠤ ᠮᠠᠲ᠋ᠧᠷᠢᠶᠠᠯ ᠪᠣᠯᠤᠨ᠎ᠠ᠃      2. ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ᠶᠢ ᠬᠡᠷᠬᠢᠨ ᠪᠠᠶᠢᠷᠢᠯᠠᠭᠤᠯᠤᠭᠰᠠᠨ ᠪᠣᠶ︖      ◆ 2016 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠶᠢᠳᠠᠯ ᠳᠠᠬᠢ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠤᠯᠪᠤᠭᠳᠠᠬᠤ ᠪᠢᠴᠢᠭ ᠮᠠᠲ᠋ᠧᠷᠢᠶᠠᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ᠂ ᠬᠡᠯᠡ ᠪᠢᠴᠢᠭ᠂ ᠲᠡᠦᠬᠡ ᠶᠢᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠢᠭᠡᠳᠦᠯᠲᠡᠶ ᠬᠡᠷᠡᠭᠯᠡᠬᠦ ᠡᠷᠴᠢᠮ ᠢ ᠴᠢᠩᠭᠠᠷᠠᠭᠤᠯᠵᠤ᠂ 3 ᠵᠢᠯ ᠤᠨ ᠬᠤᠭᠤᠴᠠᠭᠠᠨ ᠳᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠳᠤᠷᠠᠳᠪᠠ᠃      ◆2019 ᠣᠨ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠠᠴᠠ ᠦᠨᠳᠦᠰᠦᠲᠡᠨ ᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ 2020 ᠣᠨ ᠪᠠ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠦᠨᠳᠦᠰᠦᠲᠡᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠴᠥᠮ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ ᠭᠡᠵᠦ ᠳᠤᠷᠠᠳᠪᠠ᠃      ◆ 2019 ᠣᠨ ᠤ 12 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠳᠣᠪᠴᠢᠶᠠᠨ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︿ᠰᠦᠭ ᠢ ᠱᠤᠭᠤᠬᠤ ᠢᠨᠵᠧᠨᠧᠷᠢᠩ﹀ ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠬᠡᠪᠴᠢᠶ᠎ᠡ ᠶᠢ ᠪᠠᠬᠢᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠠᠨᠠᠢ ᠭᠠᠵᠠᠷ ᠣᠷᠣᠨ ᠳᠤ ᠭᠤᠷᠪᠠᠨ ᠲᠥᠷᠥᠯ ᠤᠨ ᠬᠢᠴᠢᠶᠡᠯ ᠢ ᠰᠠᠶᠢᠲᠤᠷ ᠨᠡᠭᠡᠭᠡᠬᠦ ᠶᠢ ᠪᠥᠬᠦ ᠲᠠᠯ᠎ᠠ ᠪᠠᠷ ᠠᠬᠢᠭᠤᠯᠵᠤ᠂ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠬᠦ ᠬᠡᠷᠡᠭᠲᠡᠢ︔ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠲᠥᠯᠥᠪᠯᠡᠭᠡ ᠶᠢ ᠲᠣᠭᠲᠠᠭᠠᠵᠤ᠂ 2022 ᠣᠨ ᠠᠴᠠ ᠡᠮᠦᠨ᠎ᠡ ᠵᠢᠭᠠᠬᠤ ᠮᠠᠲ᠋ᠧᠷᠢᠶᠠᠯ ᠢ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ ᠬᠡᠷᠡᠭᠲᠡᠢ︔ 2025 ᠣᠨ ᠪᠣᠯᠬᠤ ᠳᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃      3. ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠡᠷᠬᠢᠨ ᠣᠶᠢᠯᠠᠭᠠᠬᠤ ᠪᠤᠢ︖      ◆ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠨᠢ ᠠᠷᠠᠳ ᠲᠦᠮᠡᠨ ᠤ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠲᠤᠰᠬᠠᠵᠤ᠂ ᠳᠤᠮᠳᠠᠳᠤ ᠶᠢᠨ ᠰᠢᠯᠢᠳᠡᠭ ᠰᠣᠶᠣᠯ ᠪᠠ ᠬᠥᠮᠦᠨ ᠲᠥᠷᠥᠯᠬᠢᠲᠡᠨ ᠤ ᠪᠣᠯᠪᠠᠰᠤᠨ ᠤ ᠲᠡᠷᠢᠭᠦᠨ ᠤ ᠦᠷ᠎ᠡ ᠪᠦᠲᠦᠭᠡᠯ ᠢ ᠤᠯᠠᠮᠵᠢᠯᠠᠬᠤ ᠨᠢ ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠤ ᠲᠥᠯᠥᠭᠡ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠠᠶᠢᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢᠭᠤᠳ ᠬᠤᠯᠪᠣᠭᠳᠠᠵᠤ ᠪᠠᠶᠢᠳᠠᠭ᠃      ◆ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠳᠡᠰ ᠤᠨ᠂ ᠥᠨᠳᠥᠷ ᠲᠦᠪᠰᠢᠨ ᠪᠥᠬᠦᠢ᠂ ᠡᠷᠬᠡ ᠰᠦᠷᠲᠦ ᠵᠢᠭᠠᠬᠤ ᠮᠠᠲ᠋ᠧᠷᠢᠶᠠᠯ ᠪᠣᠯᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ᠨᠢ ᠦᠨᠳᠦᠰᠦᠲᠡᠨ ᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠲᠥᠪ ᠭᠤᠤᠯᠴᠢ᠂ ᠨᠠᠩ ᠴᠢᠨᠠᠷᠯᠢᠭ ᠰᠤᠷᠭᠠᠨ ᠬᠥᠮᠦᠵᠢᠯ ᠢ ᠬᠦᠷᠲᠡᠭᠡᠬᠦ ᠳᠤ ᠠᠰᠢᠭᠲᠠᠶ ᠪᠠᠶᠢᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠪᠣᠳᠠᠲᠤ ᠠᠴᠢ ᠬᠤᠯᠪᠣᠭᠳᠠᠯ ᠲᠠᠢ ᠶᠤᠮ᠃      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ ᠨᠡᠶᠢᠭᠡᠮ ᠵᠢᠷᠤᠮ ᠤᠨ ᠰᠣᠶᠣᠯ ᠤᠨ ᠬᠥᠮᠦᠵᠢᠯ ᠢ ᠴᠢᠩᠭᠠᠳᠬᠠᠬᠤ ᠲᠤᠬᠠᠢ ᠨᠠᠶᠢᠷᠠᠭᠤᠯᠤᠨ ᠪᠢᠴᠢᠬᠦ ᠵᠠᠷᠴᠢᠮ ᠲᠤᠭᠤᠰᠢᠯᠠᠠᠭᠳᠠᠵᠤ᠂ ᠵᠠᠯᠠᠭᠤᠴᠤᠳ ᠪᠠᠭᠠᠴᠤᠳ ᠢ ᠬᠠᠪᠰᠤᠷᠤᠨ ᠬᠠᠷᠠᠬᠠᠨ ᠪᠠᠭ᠎ᠠ ᠠᠴᠠ ᠨᠢ ︽ᠳᠤᠮᠳᠠᠳᠤ ᠪᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ︾ ᠰᠡᠳᠬᠢᠯᠭᠡ ᠲᠠᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ᠋ᠢᠴᠡ ᠴᠠᠭ ᠦᠶ᠎ᠡ ᠶᠢᠨ ᠰᠢᠨ᠎ᠡ ᠬᠥᠮᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢᠨ ᠲᠥᠯᠥᠭᠡ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠲᠠᠰᠤᠷᠠᠯᠲᠠ ᠥᠬᠡᠶ ᠰᠢᠨ᠎ᠡ ᠬᠤᠪᠢ ᠨᠡᠮᠡᠷᠢ ᠦᠵᠡᠭᠦᠯᠬᠦ ᠪᠣᠯᠭᠠᠨ᠎ᠠ᠃      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠣᠭ ᠰᠠᠨᠠᠭ᠎ᠠ ᠪᠠᠨ ᠥᠯᠥ ᠮᠠᠷᠲᠠᠬᠤ᠂ ᠬᠠᠷᠢ ᠶᠢᠨ ᠬᠢ ᠶᠢ ᠰᠢᠩᠭᠡᠭᠡᠨ ᠠᠪᠬᠤ᠂ ᠢᠷᠡᠭᠡᠳᠦᠶ ᠳᠤ ᠬᠠᠨᠳᠤᠬᠤ ᠱᠠᠭᠠᠷᠳᠠᠯᠭ᠎ᠠ ᠶᠣᠰᠤ ᠪᠠᠷ ᠠᠭᠤᠯᠭ᠎ᠠ ᠨᠢ ᠦᠶ᠎ᠡ ᠶᠢᠨ ᠦᠶ᠎ᠡ ᠳᠤ ᠤᠯᠠᠮᠵᠢᠯᠠᠭᠳᠠᠬᠤ ᠶᠢ ᠬᠠᠷᠠᠭᠤᠯᠬᠤ ᠪᠠᠷ ᠪᠠᠷᠠᠬᠤ ᠥᠬᠡᠶ ᠪᠠᠰᠠ ᠴᠠᠭ ᠦᠶᠡᠴᠢ ᠴᠢᠨᠠᠷ ᠢ ᠬᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠤᠰᠬᠠᠵᠤ᠂ ᠪᠠᠷᠠᠯᠠᠯᠲᠤ ᠴᠢᠨᠠᠷ ᠪᠠ ᠳᠡᠯᠡᠬᠡᠶ ᠶᠢᠨ ᠬᠠᠷᠠᠭᠠᠰᠤ ᠲᠠᠢ ᠪᠠᠶᠢᠵᠤ᠂ ᠰᠤᠷᠤᠭᠴᠢᠳ ᠢ ᠳᠡᠯᠡᠬᠡᠶ ᠶᠢᠨ ᠬᠠᠷᠠᠴᠠᠲᠠᠢ ᠬᠥᠮᠦᠨ ᠪᠣᠯᠭᠠᠨ ᠬᠥᠮᠥᠵᠢᠭᠦᠯᠬᠦ ᠶᠢ ᠲᠤᠰᠬᠠᠪᠠ᠃      4. ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠬᠤ ᠨᠢ ᠰᠤᠷᠤᠭᠴᠢᠳ ᠲᠤ ᠶᠠᠮᠠᠷ ᠰᠠᠶᠢᠨ ᠲᠠᠯ᠎ᠠ ᠲᠠᠢ ᠪᠤᠢ︖      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠵᠠᠯᠠᠭᠤᠴᠤᠳ ᠪᠠᠭᠠᠴᠤᠳ ᠤᠨ ᠲᠠᠨᠢᠨ ᠮᠡᠳᠡᠬᠦᠶ ᠶᠢᠨ ᠵᠢᠮ᠎ᠡ ᠶᠣᠰᠣ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠵᠢᠷᠤᠮᠯᠠᠵᠤ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠤᠨ ᠪᠣᠳᠠᠲᠤ ᠪᠠᠶᠢᠳᠠᠯ ᠲᠠᠢ ᠣᠶᠢᠷᠠᠲᠤᠭᠤᠯᠵᠤ᠂ ᠦᠨᠳᠦᠰᠦᠨ ᠰᠤᠷᠤᠯᠴᠠᠬᠤ ᠠᠭᠤᠯᠭ᠎ᠠ ᠶᠢ ᠨᠠᠷᠢᠨ ᠰᠣᠩᠭᠤᠵᠤ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠶᠢ ᠠᠩᠬᠠᠷᠤᠭᠰᠠᠨ ᠮᠥᠷᠲᠡᠭᠡᠨ ᠪᠠᠰᠠ ᠰᠤᠷᠤᠭᠴᠢᠳ ᠤᠨ ᠥᠪᠡᠷᠮᠢᠴᠡ ᠴᠢᠨᠠᠷ ᠤᠨ ᠬᠥᠭᠵᠢᠯᠲᠡ ᠶᠢ ᠠᠩᠬᠠᠷᠴᠤ᠂ ᠭᠤᠤᠯᠯᠠᠬᠤ ᠬᠡᠪ ᠪᠣᠯᠪᠠᠰᠤᠷᠠᠯ ᠢ ᠬᠦᠴᠦᠯᠡᠨ ᠬᠥᠭᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠵᠦ᠂ ᠨᠠᠰᠤᠨ ᠲᠤᠷᠰᠢᠳᠠ ᠶᠢᠨ ᠬᠥᠭᠵᠢᠯᠲᠡ ᠶᠢ ᠠᠬᠢᠭᠤᠯᠤᠨ᠎ᠠ᠃      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠨ ᠡᠵᠡᠮᠰᠢᠬᠦ ᠳᠤ ᠠᠰᠢᠭᠲᠠᠶ ᠶᠤᠮ᠃ ᠮᠠᠰᠢ ᠤᠯᠠᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠮᠡᠳᠡᠬᠦ ᠦᠭᠡᠢ ᠠᠴᠠ ᠪᠤᠯᠵᠤ ᠬᠤᠪᠢ ᠬᠥᠮᠦᠨ ᠤ ᠬᠥᠭᠵᠢᠯᠲᠡ  ᠨᠢ ᠬᠠᠷᠰᠢᠯᠠᠭᠳᠠᠪᠠ᠃ ᠡᠶᠢᠮᠦ ᠠᠴᠠ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠠᠷᠠᠬᠠᠨ ᠪᠠᠭ᠎ᠠ ᠠᠴᠠ ᠪᠠᠨ ᠰᠤᠷᠴᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠬᠤ ᠨᠢ ᠠᠵᠢᠯ ᠤᠯᠬᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠳᠤ ᠠᠭᠤᠰᠤᠯᠴᠠᠬᠤ ᠳᠤ ᠴᠥᠮ ᠠᠰᠢᠭᠲᠠᠢ ᠶᠤᠮ᠃      ◆ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠣᠯ ᠪᠦᠬᠦ ᠤᠯᠤᠰ ᠤᠨ ᠨᠡᠷᠡᠲᠦ ᠲᠤᠰᠬᠠᠢ ᠮᠡᠷᠭᠡᠵᠢᠯᠲᠡᠳ ᠪᠠ ᠡᠷᠳᠡᠮᠲᠡᠳ᠂ ᠨᠢᠭᠡᠳᠦᠭᠡᠷ ᠹᠷᠣᠨᠲ ᠤᠨ ᠭᠤᠣᠯᠯᠠᠭᠴᠢ ᠪᠠᠭᠰᠢ ᠨᠠᠷ ᠢ ᠴᠤᠭᠯᠠᠭᠤᠯᠤᠨ ᠨᠠᠶᠢᠷᠠᠭᠤᠯᠤᠨ ᠪᠢᠴᠢᠵᠦ᠂ ᠭᠤᠷᠪᠠᠨ ᠲᠦᠷᠦᠯ ᠤᠨ ᠬᠢᠴᠢᠶᠡᠯ ᠤᠨ ᠥᠭᠡᠷᠡᠴᠢᠯᠡᠯᠲᠡ ᠶᠢᠨ ᠰᠢᠯᠢᠳᠡᠭ ᠦᠷ᠎ᠡ ᠪᠦᠲᠦᠭᠡᠯ᠂ ᠲᠡᠷᠢᠭᠦᠨ ᠤ ᠣᠨᠣᠯᠵᠢᠬᠤᠨ ᠪᠣᠯᠤᠨ ᠠᠮᠵᠢᠯᠲᠠᠲᠠᠢ ᠲᠤᠷᠰᠢᠯᠭ᠎ᠠ  ᠶᠢ ᠳ᠋ᠦᠩᠨᠡᠨ ᠰᠢᠩᠭᠡᠭᠡᠵᠦ᠂ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠰᠤᠷᠤᠭᠴᠢᠳ ᠤᠨ ᠰᠣᠨᠣᠰᠬᠤ᠂ ᠶᠠᠷᠢᠬᠤ᠂ ᠣᠩᠰᠢᠬᠤ᠂ ᠪᠢᠴᠢᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠤᠨ ᠰᠡᠳᠬᠢᠬᠦᠢ ᠶᠢ ᠬᠥᠭᠵᠢᠭᠦᠯᠬᠦ ᠠᠴᠠ ᠭᠠᠳᠠᠨ᠎ᠠ ᠪᠠᠰᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠨ᠎ᠠ᠃ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠬᠤ ᠨᠢ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠴᠢᠨᠠᠷ ᠪᠣᠯᠤᠨ ᠶᠣᠰᠣ ᠰᠤᠷᠲᠠᠬᠤᠨ ᠤ ᠬᠡᠪ ᠴᠢᠨᠠᠷ ᠢ ᠪᠤᠢ ᠪᠣᠯᠭᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠪᠣᠯᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠤᠢ ᠪᠣᠯᠭᠠᠵᠤ᠂ ︽ᠲᠦᠷᠪᠡᠨ ᠢᠲᠡᠭᠡᠯ︾ ᠪᠣᠯᠤᠨ ︽ᠲᠠᠪᠤᠨ ᠬᠠᠮᠲᠤ ᠶᠢᠨ ᠲᠠᠨᠢᠯᠲᠠ︾ ᠶᠢ ᠴᠢᠩᠭᠠᠳᠬᠠᠬᠤ ᠳᠤ ᠠᠰᠢᠭᠲᠠᠢ ᠶᠤᠮ᠃      ◆ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠲᠦᠢᠯ ᠤᠨ ᠴᠢᠬᠤᠯᠠ ᠮᠥᠷᠲᠡᠭᠡᠨ ᠣᠨᠴᠠᠭᠠᠶ ᠬᠥᠮᠦᠵᠢᠭᠦᠯᠬᠦ ᠴᠢᠳᠠᠮᠵᠢ ᠲᠠᠢ ᠪᠠᠶᠢᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠰᠢᠵᠢᠮ ᠢ ᠲᠤᠭᠤᠰᠢᠯᠠᠭᠤᠯᠤᠭᠰᠠᠨ᠂ ᠠᠯᠬᠤᠮ ᠳᠠᠷᠠᠭ᠎ᠠ ᠲᠠᠢ ᠤᠷᠤᠭᠰᠢᠯᠠᠭᠰᠠᠨ᠂ ᠡᠷᠭᠢᠭᠦᠯᠭᠡᠨ ᠬᠡᠯᠪᠡᠷᠢᠲᠡᠢ ᠳᠡᠭᠡᠭᠰᠢᠯᠡᠭᠰᠡᠨ ᠨᠢᠭᠡ ᠴᠣᠭᠴᠠᠵᠢᠭᠰᠠᠨ ᠴᠢᠳᠠᠪᠤᠷᠢᠲᠠᠨ ᠢ ᠬᠥᠮᠦᠵᠢᠭᠦᠯᠬᠦ ᠪᠠᠶᠢᠷᠢᠯᠠᠭᠤᠯᠤᠯᠲᠠ ᠢ ᠪᠦᠷᠢᠯᠳᠦᠭᠦᠯᠬᠦ ᠳᠤ ᠠᠰᠢᠭᠲᠠᠶ ᠪᠠᠶᠢᠳᠠᠭ᠃      5. ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ 2023 ᠣᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠭᠦᠰᠦᠭᠰᠡᠳ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ᠂ 2025 ᠣᠨ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠭᠤᠷᠪᠠᠨ ᠲᠥᠷᠥᠯ ᠤᠨ ᠬᠢᠴᠢᠶᠡᠯ ᠢ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠰᠡᠳᠦᠪ ᠬᠠᠷᠢᠭᠤᠯᠬᠤ ᠨᠢ ᠰᠢᠯᠠᠭᠠᠭᠤᠯᠤᠭᠰᠠᠳ ᠢ ᠡᠯᠰᠡᠬᠦ ᠳᠤ ᠨᠥᠯᠥᠭᠡ ᠲᠠᠢ ᠦᠦ︖      ◆ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ 2023 ᠣᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ᠂ 2025 ᠣᠨ ᠳᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠭᠤᠷᠪᠠᠨ ᠲᠥᠷᠥᠯ ᠤᠨ ᠬᠢᠴᠢᠶᠡᠯ ᠢ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠤᠨ᠎ᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠳᠤ ᠮᠥᠨ ᠬᠦ ᠰᠠᠭᠤᠭ᠎ᠠ ᠠᠶᠢᠮᠠᠭ ᠬᠤᠲᠠ ᠶᠢᠨ ᠠᠳᠠᠯᠢ ᠲᠥᠷᠥᠯ ᠤᠨ ᠰᠢᠯᠭᠠᠭᠤᠯᠤᠭᠰᠠᠳ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠤ ᠡᠯᠰᠡᠨ᠎ᠡ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠳᠤ ᠴᠦ ᠪᠥᠬᠦ ᠣᠷᠣᠨ ᠤ ᠠᠳᠠᠯᠢ ᠲᠥᠷᠥᠯ ᠤᠨ ᠰᠢᠯᠭᠠᠭᠤᠯᠤᠭᠰᠠᠳ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠤ ᠡᠯᠰᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号