ᠤᠯᠠᠭᠠᠨᠴᠠᠪ ᠬᠤᠲᠠ ᠶᠢᠨ ᠨᠣᠮ ᠤᠨ ᠰᠠᠩ《 ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠠᠮᠵᠢᠯᠠᠯᠲᠤ ᠰᠣᠶᠣᠯ ᠢᠶᠠᠨ ᠶᠠᠷᠢᠬᠤ — ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ 》 ᠥᠷᠨᠢᠭᠦᠯᠪᠡ
ᠨᠡᠶᠢᠲᠡᠯᠡᠭᠰᠡᠨ ᠴᠠᠭ᠄
2021/3/11
     ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠮᠵᠢᠯᠠᠯᠲᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠪᠦᠬᠦ ᠠᠷᠠᠳ  ᠢᠶᠠᠷ  ᠢᠶᠠᠨ ᠨᠤᠮ ᠤᠩᠰᠢᠬᠤ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 5 ᠤ ᠡᠳᠦᠷ᠂ ᠤᠯᠠᠭᠠᠨᠴᠠᠪ ᠬᠤᠲᠠ ᠶᠢᠨ ᠨᠣᠮ ᠤᠨ ᠰᠠᠩ ᠼᠠᠢ ᠬᠤᠩ ᠲᠠᠩ ᠬᠡᠦᠬᠡᠳ ᠤᠨ ᠴᠡᠴᠡᠷᠯᠢᠭ ᠲᠤ ᠬᠦᠷᠴᠦ᠂ 《 ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠠᠮᠵᠢᠯᠠᠯᠲᠤ ᠰᠣᠶᠣᠯ  ᠢᠶᠠᠨ ᠶᠠᠷᠢᠬᠤ  — ᠬᠤᠲᠠ ᠶᠢᠨ ᠨᠣᠮ ᠤᠨ ᠰᠠᠩ  ᠤᠨ ᠪᠥᠬᠦ ᠠᠷᠠᠳ  ᠢᠶᠠᠷ ᠢᠶᠠᠨ ᠨᠣᠮ ᠣᠩᠰᠢᠬᠤ  ᠶᠢ ᠳᠡᠯᠭᠡᠷᠡᠭᠦᠯᠬᠦ ᠠᠵᠢᠯᠯᠠᠭ᠎ᠠ 》 ᠥᠷᠨᠢᠭᠦᠯᠪᠡ᠃ ᠠᠵᠢᠯᠯᠠᠭᠠᠨ ᠤ ᠳᠤᠮᠳᠠ᠂ ᠨᠣᠮ ᠤᠨ ᠰᠠᠩ ᠤᠨ ᠰᠠᠶᠢᠨ ᠳᠤᠷᠠᠴᠤᠳ ᠼᠠᠢ ᠬᠤᠩ ᠲᠠᠩ ᠬᠡᠦᠬᠡᠳ ᠤᠨ ᠴᠡᠴᠡᠷᠯᠢᠭ  ᠤᠨ ᠳᠤᠮᠳᠠ ᠠᠩᠭᠢ ᠪᠠ ᠶᠡᠭᠡ ᠠᠩᠭᠢ ᠶᠢᠨ ᠪᠢᠴᠢᠬᠠᠨ ᠨᠠᠶᠢᠵᠠ ᠨᠠᠷ ᠲᠤ ᠯᠸᠢ ᠹᠧᠩ ᠤᠨ ᠥᠯᠢᠭᠡᠷ ᠪᠠ 《 ᠢᠴᠡᠭᠰᠡᠳ ᠬᠦᠳᠡᠯᠬᠦ 》 ᠲᠤᠬᠠᠶ ᠤᠯᠠᠮᠵᠢᠯᠠᠯᠲᠤ ᠰᠣᠶᠣᠯ ᠢ ᠶᠠᠷᠢᠵᠤ ᠥᠭᠪᠡ᠃ ᠰᠠᠶᠢᠨ ᠳᠤᠷᠠᠴᠤᠳ ᠯᠸᠢ ᠹᠧᠩ  ᠤᠨ ᠬᠤᠶᠠᠷ ᠵᠢᠵᠢᠭ ᠦᠯᠢᠭᠡᠷ ᠢᠶᠠᠷ ᠳᠠᠮᠵᠢᠭᠤᠯᠤᠨ᠂ ᠪᠢᠴᠢᠬᠠᠨ ᠨᠠᠶᠢᠵᠠ ᠨᠠᠷ ᠢ ᠬᠠᠷᠠᠬᠠᠨ ᠪᠠᠭ᠎ᠠ ᠠᠴᠠ ᠪᠠᠨ 《 ᠨᠥᠬᠦᠷᠰᠡᠭ ᠬᠠᠶᠢᠷ᠎ᠠ 》 ᠶᠢᠨ ᠦᠵᠡᠯ ᠰᠠᠨᠠᠭ᠎ᠠ ᠶᠢ ᠪᠤᠶ ᠪᠣᠯᠭᠠᠵᠤ᠂ ᠯᠸᠢ ᠹᠧᠩ ᠤᠨ ᠪᠤᠰᠤᠳ ᠢ ᠬᠠᠪᠰᠤᠷᠬᠤ ᠳᠤᠷᠠᠲᠠᠶ ᠣᠶᠤᠨ ᠰᠠᠨᠠᠭᠠᠨ ᠤ ᠵᠠᠩ ᠴᠢᠨᠠᠷ ᠢ ᠰᠤᠷᠤᠯᠴᠠᠬᠤ ᠬᠡᠷᠡᠭᠲᠡᠶ ᠭᠡᠵᠦ ᠰᠤᠷᠭᠠᠵᠠᠢ᠃
     ᠲᠣᠰ ᠤᠳᠠᠭᠠᠨ ᠤ ᠠᠵᠢᠯᠯᠠᠭ᠎ᠠ ᠨᠢ ᠼᠠᠢ ᠬᠤᠩ ᠲᠠᠩ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠤᠨ ᠯᠸᠢ ᠹᠧᠩ ᠤᠨ ᠦᠶᠯᠡ ᠶᠠᠪᠤᠳᠠᠯ ᠢ ᠣᠶᠢᠯᠠᠭᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠳᠤ  ᠠᠰᠢᠭ ᠲᠠᠢ᠂《 ᠢᠴᠡᠭᠰᠡᠳ ᠬᠦᠳᠡᠯᠬᠦ 》 ᠵᠡᠷᠭᠡ ᠤᠯᠠᠮᠵᠢᠯᠠᠯᠲᠤ ᠰᠣᠶᠣᠯ ᠤᠨ ᠲᠤᠬᠠᠢ ᠰᠤᠷᠤᠯᠴᠠᠯᠭ᠎ᠠ ᠨᠢ ᠲᠡᠳᠡᠨ ᠤ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠪᠦᠬᠦ ᠠᠷᠠᠳ  ᠢᠶᠠᠷ  ᠢᠶᠠᠨ ᠨᠤᠮ ᠤᠩᠰᠢᠬᠤ  ᠠᠵᠢᠯᠯᠠᠭ᠎ᠠ ᠶᠢ  ᠠᠬᠢᠭᠤᠯᠵᠠᠢ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号