ᠵᠦᠸᠧᠽᠢ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 3.18 ᠪᠥᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠲᠦᠷᠢᠮ  ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/3/26
     3 ᠳ᠋ᠤᠭᠠᠷ ᠰᠠᠷ᠎ᠠ ᠶᠢᠨ 18 ᠤ ᠡᠳᠦᠷ᠂ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠴᠠᠭᠠᠵᠠ  ᠲᠦᠷᠢᠮ ᠲᠣᠭᠲᠠᠭᠠᠯ ᠢ ᠲᠦᠭᠡᠮᠡᠯᠵᠢᠭᠦᠯᠵᠦ᠂ ᠥᠷᠭᠡᠨ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠵᠦᠸᠧᠽᠢ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ 《 ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠤᠭᠲᠤᠵᠤ᠂ ᠠᠮᠤᠷ ᠠᠮᠤᠭᠤᠯᠠᠩ ᠰᠣᠶᠣᠯ ᠤᠨ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ 》 ᠪᠠᠷ ᠭᠤᠤᠯ ᠰᠡᠳᠦᠪ ᠪᠣᠯᠭᠠᠨ᠂ ᠰᠣᠶᠣᠯ ᠵᠢᠭᠤᠯᠴᠢᠯᠠᠯ ᠵᠡᠷᠭᠡ ᠶᠢᠨ ᠬᠦᠷᠢᠶᠡᠨ ᠳᠤ ᠬᠢ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠲᠠᠯᠠᠪᠤᠷ ᠭᠠᠵᠠᠷ ᠤᠨ ᠠᠶᠤᠯᠭᠦᠶ ᠦᠶᠯᠡᠳᠪᠦᠷᠢᠯᠡᠯ᠂ ᠡᠵᠡᠩᠨᠡᠯᠲᠡ ᠬᠠᠮᠢᠶᠠᠷᠤᠯᠲᠠ ᠪᠠ 《 12318 》 ᠰᠣᠶᠣᠯ ᠤᠨ ᠵᠠᠬ᠎ᠠ ᠳᠡᠯᠭᠡᠭᠦᠷ  ᠤᠨ ᠢᠯᠡᠴᠢᠯᠡᠨ ᠮᠡᠳᠡᠭᠦᠯᠬᠦ ᠤᠲᠠᠰᠤ ᠶᠢ ᠭᠥᠯᠢᠶᠡᠨ ᠠᠪᠴᠤ ᠰᠢᠶᠳᠪᠦᠷᠢᠯᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠬᠠᠭᠤᠯᠭ᠎ᠠ ᠬᠢᠪᠠ᠃ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠭᠠᠷ ᠠᠪᠤᠯᠭ᠎ᠠ ᠪᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂  ᠵᠠᠮ ᠤᠨ ᠬᠥᠮᠦᠨ ᠪᠠ ᠵᠡᠭᠡᠯᠢ ᠳᠠᠭᠠᠤ ᠳᠡᠯᠭᠡᠭᠦᠷ ᠫᠦᠰᠡ ᠳᠤ 《 ᠴᠡᠩᠭᠡᠭᠦᠨ ᠤ ᠲᠠᠯᠠᠪᠤᠷ ᠤᠨ ᠬᠠᠮᠢᠶᠠᠷᠤᠯᠲᠠ ᠶᠢᠨ ᠲᠦᠷᠢᠮ 》᠂ 《 ᠢᠨᠲ᠋ᠧᠷ ᠰᠦᠯᠵᠢᠶᠡᠨ ᠳᠤ ᠭᠠᠷᠬᠤ ᠦᠶᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠲᠦᠷᠢᠮ 》᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ 》᠂ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠬᠠᠤᠯᠢ 》 ᠪᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠢᠮ 》 ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠲᠦᠭᠡᠮᠡᠯᠵᠢᠭᠦᠯᠪᠡ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠰᠣᠶᠣᠯ ᠤᠨ ᠵᠠᠬ᠎ᠠ ᠳᠡᠯᠭᠡᠭᠦᠷ ᠤᠨ ᠠᠵᠢᠯᠯᠠᠭᠰᠠᠳ ᠤᠨ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠥᠷᠭᠡᠨ ᠣᠯᠠᠨ ᠠᠷᠠᠳ ᠣᠯᠠᠨ ᠤ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ᠂ ᠬᠠᠤᠯᠢ ᠴᠠᠭᠠᠵᠠ ᠲᠦᠷᠢᠮ ᠲᠣᠭᠲᠠᠭᠠᠯ ᠤᠨ ᠲᠤᠬᠠᠶ ᠣᠶᠢᠯᠠᠭᠠᠯᠲᠠ ᠪᠣᠯᠤᠨ ᠰᠣᠶᠣᠯ ᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠪᠦᠬᠦ ᠰᠢᠶᠠᠨ ᠤ ᠡᠯ᠎ᠡ ᠡᠲᠡᠭᠡᠳ ᠤᠨ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠳᠤ ᠣᠷᠣᠯᠴᠠᠬᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠣᠯᠤᠨ ᠬᠠᠤᠯᠢ ᠳᠦᠷᠢᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠰᠣᠶᠣᠯ ᠤᠨ ᠵᠠᠬ᠎ᠠ ᠳᠡᠯᠭᠡᠭᠦᠷ ᠤᠨ ᠵᠢᠷᠤᠮᠵᠢᠯ ᠪᠣᠯᠤᠨ ᠴᠡᠴᠡᠭᠯᠡᠯᠲᠡ ᠶᠢ ᠠᠬᠢᠭᠤᠯᠬᠤ  ᠳᠤ ᠠᠰᠢᠭᠲᠠᠶ ᠶᠤᠮ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号