ᠲᠤᠯᠤᠨ ᠨᠠᠭᠤᠷ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/3/26
     ᠣᠶᠢᠷ᠎ᠠ ᠳᠤ᠂ ᠲᠤᠯᠤᠨ ᠨᠠᠭᠤᠷ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠦᠬᠦ ᠨᠠᠮ ᠤᠨ ᠭᠡᠰᠢᠭᠦᠨ ᠵᠢᠴᠢ ᠡᠯ᠎ᠡ ᠲᠠᠰᠤᠭ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠬᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠤ ᠲᠤᠬᠠᠶ ᠴᠢᠬᠤᠯᠠ ᠥᠭᠦᠯᠡᠯᠲᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ  ᠤᠨ  ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠭᠤᠯᠪᠠ᠃  ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠢ ᠤᠯᠤᠰ ᠲᠥᠷᠥ ᠶᠢᠨ ᠶᠡᠭᠡ ᠲᠠᠯ᠎ᠠ ᠪᠠ ᠬᠥᠭᠵᠢᠯᠲᠡ ᠶᠢᠨ ᠪᠥᠬᠦ ᠲᠠᠯ᠎ᠠ ᠠᠴᠠ  ᠲᠠᠨᠢᠵᠤ ᠡᠵᠡᠮᠰᠢᠬᠦ ᠬᠡᠷᠡᠭᠲᠡᠶ᠂ ᠬᠤᠳᠠᠯᠳᠤᠭ᠎ᠠ ᠡᠵᠡᠩᠨᠡᠬᠦ ᠣᠷᠴᠢᠨ  ᠤ ᠰᠢᠯᠢᠳᠡᠭᠵᠢᠬᠦᠯᠦᠯᠲᠡ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ  ᠪᠤᠯᠭᠠᠨ᠂ ᠬᠠᠷᠢᠭᠤᠴᠠᠯᠭ᠎ᠠ  ᠶᠢᠨ ᠨᠠᠶᠢᠳᠠᠪᠤᠷᠢᠵᠢᠭᠤᠯᠤᠯᠲᠠ  ᠶᠢ ᠴᠢᠩᠭᠠᠳᠬᠠᠨ᠂ ᠳᠦᠷᠢᠮ ᠤᠨ ᠪᠠᠶᠢᠭᠤᠯᠤᠯᠲᠠ ᠶᠢ  ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ  ᠴᠢᠩᠭᠠᠷᠠᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠵᠤ᠂ ᠡᠯ᠎ᠡ  ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠂ ᠬᠤᠳᠠᠯᠳᠤᠭ᠎ᠠ ᠡᠵᠡᠩᠨᠡᠬᠦ ᠣᠷᠴᠢᠨ ᠢ ᠲᠦᠷᠭᠡᠨ ᠰᠠᠶᠢᠵᠢᠷᠠᠭᠤᠯᠬᠤ᠂ ᠦᠷᠭᠦᠯᠵᠢᠯᠡᠨ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号