ᠮᠠᠨᠵᠤᠤᠷ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/26
     ᠲᠦᠷᠦᠭᠦᠬᠡᠨ᠂ ᠮᠠᠨᠵᠤᠤᠷ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠬᠡᠯᠲᠡᠰ ᠤᠨ ᠳᠠᠷᠤᠭ᠎ᠠ ᠯᠢᠩ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ  ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠂ ᠪᠥᠬᠦ ᠣᠷᠣᠨ᠂ ᠬᠥᠯᠥᠨ ᠪᠤᠶᠢᠷ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂  ᠲᠤᠰ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂  ᠲᠤᠭᠤᠰᠢᠲᠠᠢ  ᠰᠤᠷᠤᠯᠴᠠᠬᠤ᠂ ᠬᠦᠢᠴᠡᠳ ᠤᠶᠢᠯᠠᠭᠠᠬᠤ᠂ ᠪᠣᠳᠠᠲᠠᠶᠢᠵᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠬᠤ ᠬᠡᠷᠡᠭᠲᠡᠢ︔ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠤᠬᠠᠭᠤᠯᠭ᠎ᠠ ᠬᠥᠮᠦᠵᠢᠯ ᠢ ᠨᠠᠷᠢᠯᠢᠭ ᠵᠣᠬᠢᠶᠠᠨ ᠪᠠᠶᠢᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ︔  ᠪᠥᠬᠦ ᠤᠯᠤᠰ ᠤᠨ ᠪᠣᠯᠪᠠᠰᠤᠨ ᠬᠤᠲᠠ   ᠶᠢᠨ ᠦᠨᠡᠯᠡᠯᠲᠡ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ ᠪᠣᠯᠤᠨ ᠮᠠᠨᠵᠤᠤᠷ ᠤᠨ ᠦᠯᠢᠭᠡᠷ ᠢ ᠠᠮᠢᠳᠤᠯᠢᠭ ᠰᠠᠶᠢᠬᠠᠨ ᠶᠠᠷᠢᠵᠤ᠂ ᠤᠯᠤᠰ ᠤᠨ ᠵᠣᠭᠰᠣᠴᠠ ᠶᠢ ᠪᠠᠷᠢᠮᠲᠠᠯᠠᠨ᠂ ᠭᠠᠳᠠᠭᠠᠳᠤ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠦᠬᠦ ᠣᠷᠣᠨ ᠳᠤ ᠨᠥᠯᠥᠭᠡᠯᠡᠬᠦ ᠬᠦᠴᠦᠨ ᠲᠠᠢ ᠭᠠᠳᠠᠭᠠᠳᠤ ᠤᠬᠠᠭᠤᠯᠭ᠎ᠠ ᠶᠢᠨ ᠨᠡᠷᠡᠲᠦ ᠲᠡᠮᠳᠡᠭ ᠢ ᠡᠭᠦᠳᠬᠦ ᠬᠡᠷᠡᠭᠲᠡᠢ ︔ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ  ᠳᠤ ᠬᠢ ᠤᠳᠤᠷᠢᠳᠬᠤ ᠡᠷᠬᠡ ᠪᠠ ᠦᠭᠡ ᠶᠠᠷᠢᠶᠠᠨ  ᠤ ᠡᠷᠬᠡ  ᠪᠠᠨ ᠪᠠᠲᠤ ᠡᠵᠡᠮᠰᠢᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠲᠤ ᠬᠢ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠰᠢᠯᠢᠳᠡᠭ ᠠᠮᠵᠢᠯᠲᠠ ᠪᠠᠷ ᠢᠶᠠᠨ  ᠤᠭᠲᠤᠨ ᠪᠡᠯᠭᠡᠯᠡᠬᠦ ᠬᠡᠷᠡᠭᠲᠡᠢ ᠭᠡᠵᠦ  ᠱᠠᠭᠠᠷᠳᠠᠵᠠᠢ᠃
 
ᠢᠷᠡᠯᠲᠡ᠄ ᠮᠠᠨᠵᠤᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号