ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2021/3/26
     3 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ᠂ ᠥᠪᠥᠷ ᠮᠣᠩᠭᠤᠯ ᠤᠨ ᠵᠠᠯᠠᠭᠤᠴᠤᠳ ᠤᠨ ᠬᠤᠯᠪᠤᠭᠠᠨ ᠤ ᠯᠧᠺᠲ᠋ᠣᠷ ᠤᠨ ᠪᠦᠯᠬᠦᠮ ᠤᠨ ᠭᠡᠰᠢᠭᠦᠨ ᠰᠢᠤᠢ ᠸᠧᠶ ᠵᠢᠶᠧ ᠶᠢ ᠤᠷᠢᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢᠨ ᠠᠭᠤᠤ ᠶᠡᠭᠡ ᠠᠮᠵᠢᠯᠲᠠ ᠪᠦᠲᠦᠮᠵᠢ ᠪᠠ ᠲᠡᠤᠬᠡ ᠶᠢᠨ ᠲᠤᠷᠰᠢᠯᠭ᠎ᠠ︾ ᠭᠤᠤᠯ ᠰᠡᠳᠦᠪᠲᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠥᠷᠨᠢᠭᠦᠯᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠺᠠᠳ᠋ᠷ ᠠᠵᠢᠯᠲᠠᠨ ᠤ ᠳᠤᠮᠳᠠ ᠨᠠᠮ ᠤᠨ ᠲᠡᠦᠬᠡ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃      ᠳᠡᠳ᠋ ᠫᠷᠤᠹᠧᠰᠰᠤᠷ ᠰᠢᠤᠢ ᠸᠧᠶ ᠵᠢᠶᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢᠨ ᠭᠤᠤᠯ ᠰᠡᠳᠦᠪ ᠤᠨ ᠲᠣᠭᠤᠷᠢᠨ ᠳᠤ᠂ ᠶᠠᠭᠠᠬᠢᠭᠠᠳ ᠳᠤᠮᠳᠠᠳᠤ ᠤᠯᠤᠰ ᠤᠨ ᠡᠪ ᠬᠠᠮᠲᠤ ᠨᠠᠮ ︽ᠳᠡᠶᠢᠯᠳᠡᠭ ᠶᠤᠮ︾᠂  ᠶᠠᠭᠠᠬᠢᠭᠠᠳ ᠮᠠᠷᠺᠰ ᠤᠨ ᠦᠵᠡᠯ ︽ᠪᠣᠯᠳᠠᠭ ᠶᠤᠮ︾᠂ ᠶᠠᠭᠠᠬᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ︽ᠰᠠᠶᠢᠨ ᠶᠤᠮ︾ ᠭᠡᠳᠡᠭ ᠢ ᠪᠥᠬᠦ ᠲᠠᠯ᠎ᠠ ᠪᠠᠷ ᠲᠠᠶᠢᠯᠪᠤᠷᠢᠯᠠᠵᠤ᠂ ᠪᠥᠬᠦ ᠨᠠᠮ ᠤᠨ ᠭᠡᠰᠢᠭᠦᠨ ᠺᠠᠳ᠋ᠷ ᠢ ᠨᠠᠮ ᠢᠶᠠᠨ ᠮᠡᠳᠡᠵᠦ᠂ ᠨᠠᠮ ᠢᠶᠠᠨ ᠬᠠᠶᠢᠷᠠᠯᠠᠨ᠂ ᠨᠠᠮ ᠢᠶᠠᠨ ᠬᠦᠨᠳᠦᠳᠭᠡᠵᠦ᠂ ᠨᠠᠮ ᠢᠶᠠᠨ  ᠬᠠᠮᠠᠭᠠᠯᠠᠨ᠂ ︽ᠲᠡᠤᠬᠡ ᠰᠤᠷᠤᠯᠴᠠᠨ ᠶᠣᠰᠣ ᠮᠡᠳᠡᠬᠦ᠂ ᠲᠡᠤᠬᠡ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠤᠯᠴᠠᠨ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠨ ᠴᠢᠳᠠᠯ ᠢᠶᠠᠷ ᠢᠶᠠᠨ ᠬᠢᠬᠦ︾ ᠶᠢ ᠪᠡᠶᠡᠯᠡᠭᠦᠯᠬᠦ ᠬᠡᠷᠡᠭᠲᠡᠢ ᠭᠡᠵᠦ ᠳᠠᠬᠢᠨᠲᠠ ᠱᠠᠭᠠᠷᠳᠠᠪᠠ᠃       ᠳᠠᠷᠠᠭᠠᠴᠢ ᠶᠢᠨ ᠠᠯᠬᠤᠮ ᠳᠤ ᠪᠦᠬᠦ ᠲᠣᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠦᠷᠭᠦᠯᠵᠢᠯᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠲᠣᠭᠲᠠᠭᠰᠠᠨ ᠬᠥᠳᠡᠯᠦᠯ ᠪᠠ ᠥᠪᠡᠷ ᠢᠶᠠᠨ ᠰᠣᠩᠭᠤᠬᠤ ᠬᠥᠳᠡᠯᠦᠯ ᠵᠡᠷᠭᠡ ᠬᠡᠯᠪᠡᠷᠢ ᠪᠠᠷ ᠨᠠᠮ ᠤᠨ ᠲᠡᠤᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ ᠂ ᠨᠡᠶᠢᠭᠡᠮ ᠵᠢᠷᠤᠮ ᠤᠨ ᠬᠥᠭᠵᠢᠯ ᠤᠨ ᠲᠡᠦᠬᠡ ᠶᠢ ᠨᠠᠷᠢᠨ ᠬᠢᠨᠠᠮᠠᠭᠠᠶ ᠰᠤᠷᠤᠯᠴᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠶ ᠥᠩᠭᠡᠷᠡᠯᠲᠡ ᠶᠢ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠨ᠂ ᠨᠠᠮ ᠤᠨ ᠲᠡᠤᠬᠡ ᠰᠤᠷᠤᠯᠴᠠᠵᠤ᠂ ᠦᠵᠡᠯ ᠰᠠᠨᠠᠭ᠎ᠠ ᠶᠢ   ᠤᠬᠠᠨ᠂ ᠪᠣᠳᠠᠲᠠᠶ ᠠᠵᠢᠯ ᠬᠢᠵᠦ᠂ ᠰᠢᠨ᠎ᠡ ᠪᠠᠶᠢᠳᠠᠯ ᠭᠠᠷᠭᠠᠨ᠂ ᠰᠤᠷᠤᠯᠴᠠᠯᠭ᠎ᠠ ᠶᠢᠨ ᠲᠦᠷᠦᠭᠳᠡᠯ ᠲᠠᠢ᠂ ᠰᠤᠷᠤᠯᠴᠠᠯᠭ᠎ᠠ ᠪᠠᠷ ᠤᠬᠠᠭᠠᠷᠠᠭᠰᠠᠨ᠂  ᠰᠤᠷᠤᠯᠴᠠᠯᠭ᠎ᠠ ᠠᠴᠠ ᠣᠯᠤᠯᠲᠠ ᠲᠠᠢ ᠪᠣᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠪᠦᠬᠦ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠬᠤ ᠶᠤᠮ᠃      ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠤᠳᠤᠷᠢᠳᠤᠯᠭ᠎ᠠ᠂ ᠲᠣᠪᠴᠢᠶᠠᠨ ᠤ ᠬᠠᠷᠢᠶ᠎ᠠ ᠬᠤᠶᠠᠳᠤᠭᠠᠷ ᠳᠡᠰ ‍ᠤᠨ‌ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠢᠴᠢ  ᠲᠣᠪᠴᠢᠶᠠᠨ ᠤ ᠪᠠᠶᠢᠭᠤᠯᠭ᠎ᠠ ᠶᠢᠨ ᠪᠥᠬᠦ ᠺᠠᠳ᠋ᠷ ᠲᠣᠰ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号