ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠦᠷᠴᠦ ᠥᠪᠥᠷ ᠮᠣᠩᠭᠤᠯ ᠤᠨ ᠵᠢᠭᠤᠯᠴᠢᠯᠠᠯ ᠤᠨ ᠨᠠᠭᠠᠳᠤᠮ ᠡᠷᠬᠢᠯᠡᠬᠦ ᠠᠵᠢᠯ ᠤᠨ ᠲᠤᠬᠠᠢ ᠵᠤᠯᠭᠠᠯᠲᠠ ᠬᠢᠪᠡ
ᠨᠡᠶᠢᠲᠡᠯᠡᠭᠰᠡᠨ ᠴᠠᠭ᠄
2021/3/26
     2021 ᠣᠨ ᠤ 3 ᠳ᠋ᠤᠭᠠᠷ ᠰᠠᠷ᠎ᠠ ᠶᠢᠨ 18 ᠤ ᠡᠳᠦᠷ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠡᠷᠡᠯ ᠲᠤᠭᠤᠶᠢᠯᠠᠩ ᠳᠠᠭᠠᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠲᠤ ᠬᠦᠷᠴᠦ᠂ ᠥᠪᠥᠷ ᠮᠣᠩᠭᠤᠯ ᠤᠨ ᠵᠢᠭᠤᠯᠴᠢᠯᠠᠯ ᠤᠨ ᠨᠠᠭᠠᠳᠤᠮ ᠡᠷᠬᠢᠯᠡᠬᠦ ᠪᠠᠷ ᠭᠤᠶᠤᠴᠢᠯᠠᠬᠤ ᠠᠵᠢᠯ ᠤᠨ ᠵᠤᠯᠭᠠᠯᠲᠠ ᠬᠢᠪᠡ᠃      ᠬᠡᠷᠡᠯ ᠳᠡᠳ᠋ ᠬᠤᠰᠢᠭᠤᠨ ᠳᠠᠷᠤᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ 7 ᠬᠤᠭᠤᠴᠠᠭᠠᠨ ᠤ ᠳᠤᠮᠳᠠᠳᠤ ᠤᠯᠤᠰ ᠤᠨ ᠨᠡᠭᠦᠳᠡᠯ ᠰᠣᠶᠣᠯ ᠤᠨ ᠵᠢᠭᠤᠯᠴᠢᠯᠠᠯ ᠤᠨ ᠨᠠᠶᠢᠷ ᠢ ᠠᠮᠵᠢᠯᠲᠠ ᠲᠠᠢ ᠡᠷᠭᠢᠯᠡᠵᠦ᠂ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ᠂ ᠢᠵᠢ ᠪᠦᠷᠢᠯᠳᠦᠭᠦᠯᠦᠭᠰᠡᠨ ᠦᠶᠯᠡᠴᠢᠯᠡᠭᠡ᠂ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠪᠠᠷ ᠴᠥᠮ ᠲᠣᠮᠣ ᠬᠡᠯᠪᠡᠷᠢ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠡᠷᠭᠢᠯᠡᠬᠦ ᠰᠠᠭᠤᠷᠢ ᠨᠥᠬᠦᠴᠡᠯ ᠪᠠ ᠡᠯᠪᠡᠭ ᠪᠠᠶᠠᠯᠢᠭ ᠲᠤᠷᠰᠢᠯᠭ᠎ᠠ ᠲᠠᠢ ᠪᠣᠯᠵᠠᠶ᠃ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠡᠷᠪᠡ 31 ᠳ᠋ᠦ᠋ᠭᠡᠷ ᠬᠤᠭᠤᠴᠠᠭᠠᠨ ᠤ ᠥᠪᠥᠷ ᠮᠣᠩᠭᠤᠯ ᠤᠨ ᠵᠢᠭᠤᠯᠴᠢᠯᠠᠯ ᠤᠨ ᠨᠠᠭᠠᠳᠤᠮ  ᠢ ᠳᠠᠭᠠᠭᠠᠴᠢᠯᠠᠨ ᠡᠷᠬᠢᠯᠡᠪᠡᠯ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠬᠦ ᠠᠭᠤᠰᠤᠯᠴᠠᠯ ᠢ ᠠᠬᠢᠭᠤᠯᠬᠤ ᠪᠠᠷ ᠬᠠᠷᠠᠯᠲᠠ ᠪᠣᠯᠭᠠᠵᠤ᠂ ᠨᠠᠭᠠᠳᠤᠮ ᠤᠨ ᠦᠵᠡᠭᠦᠯᠦᠯᠭᠡ ᠶᠢᠨ ᠠᠭᠤᠯᠭ᠎ᠠ ᠪᠠ ᠵᠢᠭᠤᠯᠴᠢᠯᠠᠯ ᠤᠨ ᠵᠤᠭ᠎ᠠ ᠴᠡᠩᠭᠡᠭᠦᠨ ᠤ ᠠᠵᠢᠯᠯᠠᠭ᠎ᠠ ᠶᠢᠨ ᠲᠦᠷᠦᠯ ᠵᠦᠢᠯ ᠢ ᠨᠢᠮᠪᠠᠢ ᠲᠥᠯᠥᠪᠯᠡᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠨᠠᠭᠠᠳᠤᠮ ᠤᠨ ᠠᠵᠢᠯᠯᠠᠭ᠎ᠠ ᠶᠢᠨ ᠪᠦᠬᠦ ᠶᠠᠪᠤᠴᠠ ᠳᠤ ᠲᠤᠭᠤᠰᠢᠯᠠᠯᠭᠤᠯᠬᠤ ᠪᠤᠯᠤᠨ᠎ᠠ ᠭᠡᠵᠦ ᠢᠯᠡᠳᠭᠡᠪᠡ  ᠃      ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠳᠠᠷᠤᠭ᠎ᠠ ᠵᠠᠩ ᠶᠠᠨ ᠷᠦ ᠡᠩ ᠲᠡᠷᠢᠭᠦᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠰᠣᠶᠣᠯ ᠵᠢᠭᠤᠯᠴᠢᠯᠠᠯ ᠤᠨ ᠦᠶᠯᠡᠰ ᠲᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠨ᠂ ᠦᠨᠦ ᠵᠢᠯ ᠰᠣᠶᠣᠯ ᠪᠠ ᠵᠢᠭᠤᠯᠴᠢᠯᠠᠯ ᠤᠨ ᠲᠢᠩᠬᠢᠮ ᠥᠪᠥᠷ ᠮᠣᠩᠭᠤᠯ ᠤᠨ ᠵᠢᠭᠤᠯᠴᠢᠯᠠᠯ ᠤᠨ ᠨᠠᠭᠠᠳᠤᠮ ᠪᠠ ᠮᠥᠰᠥ ᠴᠠᠰᠤᠨ ᠤ ᠨᠠᠭᠠᠳᠤᠮ ᠢ ᠭᠤᠶᠤᠴᠢᠯᠠᠨ ᠡᠷᠭᠢᠯᠡᠬᠦ ᠲᠦᠷᠢᠮ ᠢᠶᠠᠷ ᠡᠷᠭᠢᠯᠡᠬᠦ ᠭᠠᠵᠠᠷ ᠢ ᠲᠣᠭᠲᠠᠭᠠᠵᠤ᠂  ᠲᠠᠭᠠᠭᠠᠴᠢᠯᠠᠨ ᠡᠷᠭᠢᠯᠡᠬᠦ ᠠᠶᠢᠮᠠᠭ ᠬᠤᠲᠠ ᠶᠢᠨ ᠢᠳᠡᠪᠬᠢᠵᠢᠯ ᠢ ᠳᠠᠶᠢᠴᠢᠯᠠᠨ᠂ ᠵᠢᠭᠤᠯᠴᠢᠯᠠᠯ ᠤᠨ ᠨᠠᠭᠠᠳᠤᠮ ᠤᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠵᠣᠷᠢᠯᠭ᠎ᠠ ᠪᠤᠯᠭᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠨᠣᠪᠴᠢᠲᠠᠶ ᠵᠣᠯᠭᠠᠭᠤᠯᠵᠤ᠂ ᠰᠢᠨ᠎ᠡ  ᠨᠠᠭᠠᠳᠤᠮ ᠡᠷᠭᠢᠯᠡᠬᠦ ᠠᠷᠭ᠎ᠠ ᠮᠠᠶ᠋ᠢᠭ ᠢ ᠡᠭᠦᠳᠦᠨ᠂ ᠦᠨᠳᠦᠰᠦᠲᠡᠨ ᠤ ᠤᠯᠠᠮᠵᠢᠯᠠᠯ ᠢ ᠣᠲᠣ ᠦᠶ᠎ᠡ ᠶᠢᠨ ᠬᠡᠷᠡᠭᠯᠡᠭᠡ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠠᠭᠠᠳᠤᠮ ᠤᠨ ᠤᠯᠠᠮᠵᠢᠯᠠᠯᠲᠤ ᠲᠥᠷᠥᠯ ᠵᠦᠶᠯ ᠢ ᠰᠢᠯᠢᠳᠡᠭᠵᠢᠭᠦᠯᠦᠭᠰᠡᠨ ᠰᠠᠭᠤᠷᠢᠨ ᠳᠡᠭᠡᠷ᠎ᠡ᠂ ᠪᠡᠶ᠎ᠡ ᠶᠢᠨ ᠲᠠᠮᠢᠷ᠂ ᠠᠮᠲᠠᠲᠤ ᠢᠳᠡᠭᠡᠨ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ ᠪᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠵᠡᠷᠭᠡ ᠲᠥᠷᠥᠯ ᠵᠦᠶᠯ ᠢ ᠨᠡᠮᠡᠭᠳᠡᠭᠦᠯᠵᠦ᠂ ᠤᠯᠠᠮᠵᠢᠯᠠᠯᠲᠤ ᠨᠠᠭᠠᠳᠤᠮ ᠳᠤ ᠰᠢᠨ᠎ᠡ ᠠᠭᠤᠯᠤᠭᠳᠠᠬᠤᠨ ᠣᠯᠭᠤᠵᠤ᠂ ᠵᠢᠭᠤᠯᠴᠢᠯᠠᠭᠴᠢᠳ ᠤᠨ ᠣᠷᠣᠯᠴᠠᠬᠤ ᠬᠡᠮᠵᠢᠶ᠎ᠡ ᠪᠠ ᠪᠡᠶᠡᠲᠡᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠦᠨ᠎ᠡ᠃ ᠡᠷᠭᠢᠯᠡᠬᠦ ᠪᠠᠷ ᠭᠤᠶᠤᠴᠢᠯᠠᠬᠤ ᠨᠢᠭᠡᠴᠢ ᠲᠣᠰ ᠭᠠᠵᠠᠷ ᠣᠷᠣᠨ ᠤ ᠪᠠᠨ ᠰᠣᠶᠣᠯ ᠵᠢᠭᠤᠯᠴᠢᠯᠠᠯ ᠤᠨ ᠣᠨᠴᠠᠯᠢᠭ ᠪᠠ ᠠᠵᠢᠯᠯᠠᠭ᠎ᠠ ᠡᠷᠭᠢᠯᠡᠬᠦ ᠨᠥᠬᠦᠴᠡᠯ ᠢ ᠬᠢᠨᠠᠮᠠᠭᠠᠶ ᠵᠠᠳᠠᠯᠵᠤ᠂ ᠣᠨ ᠤ ᠠᠵᠢᠯ ᠤᠨ ᠲᠥᠯᠥᠪᠯᠡᠭᠡ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠵᠢᠭᠤᠯᠴᠢᠯᠠᠯ ᠤᠨ ᠨᠠᠭᠠᠳᠤᠮ ᠢ ᠲᠠᠭᠠᠭᠠᠴᠢᠯᠠᠨ‌ᠡᠷᠭᠢᠯᠡᠬᠦ ᠪᠢᠴᠢᠭ ᠤᠨ ᠭᠤᠶᠤᠴᠢᠯᠠᠯ ᠪᠠ ᠲᠥᠰᠦᠯ ᠢ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠡᠷᠭᠢᠯᠡᠬᠦ ᠪᠠᠷ ᠭᠤᠶᠤᠴᠢᠯᠠᠬᠤ ᠪᠠᠶᠢᠳᠠᠯ ᠢ ᠬᠤᠷᠢᠶᠠᠩᠭᠤᠶᠢᠯᠠᠨ᠂ ᠲᠤᠰᠬᠠᠶ ᠮᠡᠷᠭᠡᠵᠢᠯᠲᠡᠨ ᠲᠠᠢ ᠬᠠᠮᠲᠤᠷᠠᠨ ᠶᠡᠷᠦᠩᠬᠡᠶᠢᠯᠡᠨ ᠰᠤᠳᠤᠯᠤᠨ ᠮᠠᠭᠠᠳᠯᠠᠵᠤ ᠬᠢᠨᠠᠨ ᠦᠨᠡᠯᠡᠵᠦ᠂ ᠨᠠᠭᠠᠳᠤᠮ ᠤᠨ ᠠᠵᠢᠯᠯᠠᠭ᠎ᠠ ᠡᠷᠭᠢᠯᠡᠬᠦ ᠪᠠᠷ ᠭᠤᠶᠤᠴᠢᠯᠠᠬᠤ ᠭᠠᠵᠠᠷ ᠢ ᠲᠣᠭᠲᠠᠭᠠᠨ᠎ᠠ ᠭᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号