ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 《 ᠨᠠᠮ ᠤᠨ ᠲᠤᠭ ᠢ ᠦᠨᠲᠦᠷ ᠨᠠᠮᠢᠷᠠᠭᠤᠯᠬᠤ — ᠪᠦᠬᠦ ᠣᠷᠣᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ 》 ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2021/3/29
     ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ ᠤᠨ ᠣᠢ ᠶᠢᠨ ᠲᠠᠰᠢᠷᠠᠮ ᠳᠤ᠂ ᠨᠠᠮ  ᠤᠨ ᠭᠡᠷᠡᠯ ᠰᠠᠴᠤᠷᠠᠩᠭᠤᠶ ᠲᠡᠦᠬᠡ ᠶᠢ ᠡᠷᠬᠢᠴᠡᠭᠦᠯᠦᠨ᠂ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠲᠠᠭᠤᠯᠠᠵᠤ᠂ ᠡᠪ ᠬᠠᠮᠲᠤ ᠨᠠᠮ᠂ ᠨᠡᠶᠢᠭᠡᠮ ᠵᠢᠷᠤᠮ᠂ ᠥᠭᠡᠷᠡᠴᠢᠯᠡᠯᠲᠡ ᠨᠡᠭᠡᠭᠡᠯᠲᠡ᠂ ᠠᠭᠤᠤ ᠶᠡᠭᠡ ᠡᠬᠡ ᠤᠯᠤᠰ ᠤᠨ ᠰᠠᠶᠢᠨ ᠰᠠᠶᠢᠬᠠᠨ ᠭᠤᠤᠯ ᠬᠥᠭ ᠠᠶᠠᠰ ᠢ ᠲᠠᠭᠤᠷᠢᠰᠬᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠤᠷᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠷ ᠳᠠᠯᠠᠶᠢᠴᠠᠲᠠᠶ ᠬᠥᠭᠵᠢᠯᠲᠡ ᠶᠢᠨ ᠥᠩᠭᠡᠷᠡᠯᠲᠡ ᠪᠠ ᠯᠤᠲᠤ ᠶᠡᠭᠡ ᠠᠮᠵᠢᠯᠲᠠ ᠪᠦᠲᠦᠮᠵᠢ ᠶᠢ ᠨᠠᠩ ᠰᠠᠶᠢᠲᠤᠷ ᠢᠯᠡᠷᠡᠭᠦᠯᠵᠦ᠂ ᠪᠦᠬᠦ ᠣᠷᠣᠨ ᠤ ᠤᠯᠠᠭᠠᠨᠮᠥ᠋ᠴᠢᠷ ᠤᠨ ᠠᠮᠢᠳᠤᠷᠠᠯ ᠳᠤ ᠭᠦᠨᠵᠡᠭᠡᠶᠢᠷᠡᠨ᠂ ᠦᠨᠲᠦᠰᠦᠨ ᠱᠠᠲᠤᠨ ᠳᠤ ᠦᠢᠯᠡᠴᠢᠯᠡᠬᠦ ᠶᠢ ᠬᠥᠲᠥᠯᠥᠨ ᠵᠢᠯᠤᠭᠤᠳᠴᠤ᠂ ᠤᠷᠭᠢᠯᠤᠮ᠎ᠠ ᠬᠠᠯᠠᠭᠤᠨ ᠠᠮᠢᠳᠤᠷᠠᠯ ᠤᠨ ᠨᠢᠭᠡᠳᠦᠭᠡᠷ ᠹᠷᠣᠨᠲ ᠲᠤ ᠬᠦᠷᠴᠤ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠬᠦᠪᠴᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢᠭᠡ ᠵᠢᠯ ᠤᠨ ᠬᠤᠭᠤᠴᠠᠭ᠎ᠠ ᠲᠠᠢ 《 ᠨᠠᠮ ᠤᠨ ᠲᠤᠭ ᠢ ᠦᠨᠲᠦᠷ ᠨᠠᠮᠢᠷᠠᠭᠤᠯᠬᠤ — ᠪᠦᠬᠦ ᠣᠷᠣᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ 》 ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      ᠲᠣᠰ ᠤᠳᠠᠭᠠᠨ ᠤ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ  ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠲᠠᠪᠴᠠᠩ ᠢᠶᠠᠷ ᠳᠠᠮᠵᠢᠭᠤᠯᠤᠨ ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ᠂ 《 ᠨᠠᠮ ᠤᠨ ᠲᠤᠭ ᠢ ᠦᠨᠲᠦᠷ ᠨᠠᠮᠢᠷᠠᠭᠤᠯᠬᠤ — ᠪᠦᠬᠦ ᠣᠷᠣᠨ ᠤ ᠤᠯᠠᠭᠠᠨᠮᠥ᠋ᠴᠢᠷ  ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ 》 ᠶᠢ ᠪᠥᠬᠦ ᠲᠠᠯ᠎ᠠ ᠪᠠᠷ ᠡᠬᠢᠯᠡᠭᠦᠯᠪᠡ᠃ 2021 ᠣᠨ  ᠤ ᠤᠯᠠᠭᠠᠨᠮᠥ᠋ᠴᠢᠷ ᠤᠨ ᠠᠵᠢᠯ ᠤᠨ ᠲᠥᠰᠦᠯ ᠢ ᠦᠨᠳᠦᠰᠦᠯᠡᠨ᠂ 30 ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠵᠢᠷᠭᠤᠭᠠᠨ ᠠᠩᠭᠢ ᠶᠢᠨ ᠡᠭᠦᠷᠭᠡ ᠴᠢᠳᠠᠪᠬᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠤᠤᠯᠳᠠᠯᠭ᠎ᠠ ᠲᠠᠢ ᠪᠠᠶᠢᠭᠤᠯᠵᠤ᠂ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠵᠢᠷᠭᠤᠭᠠᠨ ᠠᠩᠭᠢ ᠶᠢᠨ ᠡᠭᠦᠷᠭᠡ ᠴᠢᠳᠠᠪᠬᠢ ᠶᠢᠨ ᠪᠠᠶᠢᠭᠤᠯᠤᠯᠲᠠ ᠶᠢ ᠡᠭᠦᠷᠭᠡᠯᠡᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠦᠵᠡᠯ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ 《 ᠨᠠᠮ ᠤᠨ ᠲᠡᠦᠬᠡ 》 ᠶᠢᠨ ᠥᠯᠢᠭᠡᠷ ᠵᠡᠷᠭᠡ ᠭᠤᠤᠯ ᠰᠡᠳᠦᠪ   ᠤᠨ ᠲᠤᠭᠤᠷᠢᠨ ᠳᠤ᠂ ᠨᠢᠭᠡ ᠪᠦᠯᠦᠭ ᠰᠢᠨ᠎ᠡ  ᠪᠠᠷ ᠡᠭᠦᠳᠦᠭᠰᠡᠨ ᠤᠯᠠᠭᠠᠨᠮᠥ᠋ᠴᠢᠷ ᠤᠨ ᠣᠨᠴᠠᠯᠢᠭ ᠲᠠᠢ ᠤᠳᠬ᠎ᠠ ᠤᠷᠠᠯᠢᠭ ᠤᠨ ᠪᠦᠲᠦᠭᠡᠯ ᠢ ᠭᠠᠷᠭᠠᠨ᠎ᠠ᠃ ᠡᠯ᠎ᠡ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠤᠨ ᠤᠬᠠᠭᠤᠯᠭ᠎ᠠ᠂ ᠵᠣᠬᠢᠶᠠᠨ ᠪᠠᠶᠢᠭᠤᠯᠤᠯᠲᠠ᠂ ᠨᠠᠮ  ᠤᠨ ᠲᠡᠦᠬᠡ ᠶᠢᠨ ᠠᠯᠪᠠᠨ ᠬᠡᠷ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠶᠠᠳᠠᠭᠤ ᠶᠢ ᠲᠡᠳᠬᠦᠬᠦ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ 《 ᠤᠯᠠᠭᠠᠨᠮᠥ᠋ᠴᠢᠷ + 》 ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠶᠯᠡᠴᠢᠯᠡᠭᠡ ᠪᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠲᠣᠭᠯᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠲᠤᠭ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ᠃      ᠲᠣᠰ ᠤᠳᠠᠭᠠᠨ ᠤ ᠠᠵᠢᠯᠯᠠᠭ᠎ᠠ ᠨᠢ 《 ᠨᠠᠮ ᠤᠨ ᠲᠤᠭ ᠢ ᠥᠨᠳᠥᠷ ᠨᠠᠮᠢᠷᠠᠭᠤᠯᠬᠤ 》 ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠵᠤ᠂ 《 ᠨᠠᠮ ᠤᠨ ᠦᠪᠡᠳᠡᠭᠰᠢ ᠶᠡᠭᠡ ᠶᠣᠰᠣᠯᠠᠯ  ᠂ ᠠᠷᠠᠳ ᠲᠦᠮᠡᠨ ᠤ ᠪᠠᠶᠠᠷ ᠤᠨ ᠡᠳᠦᠷ 》 ᠤᠨ ᠪᠦᠯᠬᠦᠮᠳᠡᠨ ᠲᠡᠮᠡᠴᠡᠵᠦ᠂ ᠰᠢᠨ᠎ᠡ ᠪᠠᠶᠢᠳᠠᠯ ᠢ ᠡᠭᠦᠳᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ  ᠪᠣᠶ ᠪᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号