ᠨᠣᠮ ᠤᠨ ᠳᠡᠯᠭᠡᠭᠦᠷ ᠢᠶᠠᠷ ᠲᠤᠭᠤᠷᠢᠨ ᠺᠢᠨᠣ᠋ ᠶᠢᠨ ᠣᠷᠳᠣᠨ ᠳᠤ ᠤᠷᠤᠵᠤ ᠬᠤᠲᠠ ᠶᠢᠨ ᠠᠷᠠᠳ ᠤᠨ《 ᠰᠣᠶᠣᠯ ᠢᠶᠠᠷ ᠰᠢᠨᠡᠯᠡᠬᠦ 》 ᠠᠮᠲᠠ ᠰᠢᠮᠲᠡ ᠬᠠᠩᠬᠤᠯᠤᠭᠤᠨ
ᠨᠡᠶᠢᠲᠡᠯᠡᠭᠰᠡᠨ ᠴᠠᠭ᠄
2021/3/3
     ᠬᠢᠵᠢᠭ ᠤᠨ ᠨᠥᠯᠥᠭᠡ ᠠᠴᠠ ᠪᠣᠯᠵᠣ᠂ ᠲᠤᠬᠠᠶ ᠶᠢᠨ ᠭᠠᠵᠠᠷ ᠲᠤ ᠪᠠᠨ‌‍ᠰᠢᠨᠡᠯᠡᠬᠦ ᠨᠢ ᠡᠨᠡ ᠵᠢᠯ ᠤᠨ ᠴᠠᠭᠠᠨ ᠰᠠᠷ᠎ᠠ ᠶᠢᠨ ᠭᠤᠤᠯ ᠰᠡᠳᠦᠪ ᠪᠣᠯᠵᠠᠶ  ᠃ ᠲᠡᠭᠡᠪᠡᠯ ᠴᠠᠭᠠᠨ ᠰᠠᠷ᠎ᠠ ᠶᠢᠨ ᠬᠤᠭᠤᠴᠠᠭᠠᠨ ᠳᠤ ᠬᠤᠲᠠ ᠶᠢᠨ ᠠᠷᠠᠳ ᠬᠡᠷᠬᠢᠨ ᠰᠢᠨᠡᠯᠡᠭᠰᠡᠨ ᠪᠤᠯ︖ ᠭᠡᠷ ᠤᠨ ᠬᠥᠮᠦᠰ ᠲᠠᠢ ᠪᠠᠨ ᠵᠤᠯᠭᠠᠬᠤ ᠠᠴᠠ ᠤᠨᠲᠤᠤ᠂ ᠮᠠᠰᠢ ᠣᠯᠠᠨ ᠬᠤᠲᠠ ᠶᠢᠨ ᠠᠷᠠᠳ ᠨᠣᠮ ᠤᠨ ᠳᠠᠯᠠᠢ ᠪᠠᠷ ᠲᠣᠭᠤᠷᠢᠵᠤ᠂ ᠺᠢᠨᠣ᠋ ᠶᠢᠨ ᠣᠷᠳᠣᠨ ᠳᠤ ᠣᠷᠣᠵᠤ᠂  《 ᠰᠣᠶᠣᠯ ᠤᠨ ᠦᠨᠦᠷ ᠠᠮᠲᠠ 》 ᠭᠦᠢᠴᠡᠳ ᠴᠠᠭᠠᠨ ᠰᠠᠷ᠎ᠠ ᠶᠢ ᠦᠩᠭᠡᠷᠡᠭᠦᠯᠪᠡ᠃      ᠴᠠᠭᠠᠨ ᠰᠠᠷ᠎ᠠ ᠶᠢᠨ ᠬᠤᠭᠤᠴᠠᠭᠠᠨ ᠳᠤ ᠨᠣᠮ ᠤᠨ ᠳᠡᠯᠭᠡᠭᠦᠷ ᠡᠭᠦᠳᠡ ᠪᠠᠨ ᠬᠠᠭᠠᠭᠰᠠᠨ ᠦᠭᠡᠢ ᠨᠢ ᠬᠤᠲᠠ  ᠶᠢᠨ ᠠᠷᠠᠳ ᠲᠤ ᠴᠠᠭᠠᠨ ᠰᠠᠷ᠎ᠠ ᠶᠢᠨ ᠠᠭᠤᠷ ᠠᠮᠢᠰᠬᠤᠯ ᠤᠨ ᠲᠤᠮᠲᠠ  ᠨᠤᠮ ᠤᠨ  ᠠᠩᠬᠢᠯᠤᠮ᠎ᠠ ᠪᠠᠷ ᠰᠡᠳᠬᠢᠯ ᠪᠠᠶᠠᠰᠬᠠᠨ᠎ᠠ᠃ ᠨᠣᠮ ᠤᠩᠰᠢᠬᠤ ᠳᠤᠷᠠᠲᠠᠢ ᠬᠤᠲᠠ ᠶᠢᠨ ᠠᠷᠠᠳ ᠮᠠᠨᠵᠤᠤᠷ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠲᠤ ᠬᠦᠷᠴᠤ ᠨᠣᠮ ᠣᠩᠰᠢᠨ᠂ ᠨᠣᠮ ᠬᠤᠳᠠᠯᠳᠤᠨ ᠠᠪᠴᠤ᠂ ᠡᠨᠡ ᠬᠦ ᠣᠯᠳᠠᠰᠢ ᠦᠭᠡᠢ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠥᠪᠡᠷ ᠢ ᠪᠠᠨ ᠰᠠᠶᠢᠲᠤᠷ ᠲᠡᠭᠦᠯᠳᠡᠷᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠴᠥᠭᠡᠨ ᠪᠤᠰᠤ ᠬᠡᠷᠡᠭᠯᠡᠭᠴᠢ ᠬᠡᠳᠦᠨ ᠰᠠᠶᠢᠨ ᠨᠣᠮ ᠰᠣᠩᠭᠤᠵᠤ ᠲᠥᠷᠥᠯ ᠰᠠᠳᠤᠨ ᠨᠠᠶᠢᠵᠠ ᠨᠥᠬᠦᠳ ᠪᠠ ᠬᠡᠷ ᠪᠦᠯᠢ  ᠶᠢᠨ ᠪᠢᠴᠢᠬᠠᠨ ᠨᠠᠶᠢᠵᠠ ᠨᠠᠷ ᠲᠤ ᠪᠠᠨ ᠬᠦᠷᠭᠡᠵᠦ᠂ ᠣᠯᠠᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ  ᠳᠤ 《 ᠰᠣᠶᠣᠯ ᠤᠨ ᠦᠨᠦᠷ ᠠᠮᠲᠠ 》 ᠶᠢ ᠨᠡᠮᠡᠭᠲᠡᠭᠦᠯᠪᠡ ᠭᠡᠵᠦ ᠢᠯᠡᠳᠭᠡᠭᠰᠡᠨ ᠪᠠᠶᠢᠨ᠎ᠠ᠃       ᠣᠶᠢᠯᠠᠭᠠᠭᠰᠠᠨ ᠢᠶᠠᠷ᠂ ᠡᠨᠡ ᠵᠢᠯ ᠮᠠᠰᠢ ᠣᠯᠠᠨ ᠬᠦᠮᠦᠰ ᠴᠥᠮ ᠲᠤᠬᠠᠶ ᠶᠢᠨ ᠭᠠᠵᠠᠷ ᠲᠤ ᠪᠠᠨ‌‍ᠰᠢᠨᠡᠯᠡᠬᠦ ᠶᠢ ᠰᠣᠩᠭᠤᠵᠤ᠂ ᠬᠤᠲᠠ ᠶᠢᠨ ᠠᠷᠠᠳ ᠢ ᠰᠠᠨᠠᠭ᠎ᠠ ᠠᠮᠤᠷ ᠨᠣᠮ ᠬᠤᠳᠠᠯᠳᠤᠨ ᠠᠪᠤᠭᠤᠯᠬᠤ ᠶᠢᠨ ᠲᠥᠯᠥᠭᠡ᠂ ᠰᠢᠨᠬᠤᠸᠠ ᠨᠣᠮ ᠤᠨ ᠳᠡᠯᠭᠡᠭᠦᠷ ᠨᠢ ᠣᠯᠠᠨ ᠨᠡᠶᠢᠲᠡ ᠶᠢᠨ ᠲᠠᠯᠠᠪᠠᠢ ᠶᠢᠨ ᠡᠳᠦᠷ ᠲᠤᠲᠤᠮ ᠤᠨ ᠭᠤᠷᠪᠠ ᠤᠳᠠᠭᠠᠨ ᠤ ᠠᠷᠢᠭᠤᠳᠬᠠᠯ ᠢ ᠰᠠᠶᠢᠲᠤᠷ ᠬᠢᠬᠦ ᠶᠢᠨ ᠬᠠᠮᠲᠤ ᠪᠠᠰᠠ ᠤᠩᠰᠢᠯᠭ᠎ᠠ ᠶᠢᠨ ᠲᠤᠭᠤᠷᠢᠭ ᠤᠨ ᠬᠥᠮᠦᠨ ᠳᠤᠮᠳᠠᠴᠢ ᠶᠢᠨ ᠵᠠᠶ  ᠶᠢ 1 . 5 ᠮᠧᠲᠷ ᠤᠨ ᠵᠠᠶ ᠲᠠᠢ ᠪᠠᠶᠢᠯᠭᠠᠵᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠰᠢᠷᠪᠢᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠮᠠᠨᠵᠤᠤᠷ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号