ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ  ᠤᠨ ᠬᠤᠷᠢᠶ᠎ᠠ 2021 ᠣᠨ ᠤ ᠠᠩᠬᠠᠲᠤᠭᠠᠷ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/3
     2 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠸᠠᠩ ᠶᠠᠨ ᠵᠢᠶᠦ᠋ᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ 2021 ᠣᠨ ᠤ ᠠᠩᠬᠠᠳᠤᠭᠠᠷ ᠪᠥᠬᠦ ᠭᠡᠰᠢᠭᠦᠳ ᠤᠨ ᠬᠤᠷᠠᠯ  ᠢ ᠡᠷᠭᠢᠯᠡᠨ ᠬᠤᠷᠠᠯᠳᠤᠭᠤᠯᠵᠤ᠂ ᠲᠥᠪ ᠤᠨ《 ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ 》 ᠤᠨ ᠵᠣᠷᠢᠭ ᠰᠠᠨᠠᠭ᠎ᠠ ᠪᠣᠯᠤᠨ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 《 ᠶᠡᠷᠦᠩᠬᠡᠶ ᠱᠦᠵᠢ ᠰᠢ ᠶᠢᠨ ᠫᠢᠩ ᠤᠨ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠬᠤ ᠲᠤᠬᠠᠶ ᠮᠡᠳᠡᠭᠳᠡᠯ 》 ᠢ ᠤᠯᠠᠮᠵᠢᠯᠠᠨ ᠰᠤᠷᠤᠯᠴᠠᠵᠤ᠂ 2021 ᠣᠨ ᠤ ᠨᠠᠮ ᠤᠨ ᠰᠦᠶᠳᠬᠡᠯ ᠤᠨ ᠬᠡᠷᠡᠭᠯᠡᠯᠲᠡ ᠶᠢᠨ ᠲᠥᠰᠦᠪ ᠪᠣᠯᠤᠨ 2021 ᠣᠨ ᠤ ᠨᠠᠮ ᠤᠨ ᠭᠡᠰᠢᠭᠦᠨ ᠡᠯᠰᠡᠬᠦ ᠨᠢᠭᠡᠳᠦᠭᠡᠷ ᠪᠦᠯᠦᠭ ᠤᠨ ᠣᠷᠣᠨ ᠲᠤᠭ᠎ᠠ ᠶᠢᠨ ᠬᠤᠪᠢᠶᠠᠷᠢᠯᠠᠯᠲᠠ ᠵᠡᠷᠭᠡ ᠬᠠᠮᠢᠶ᠎ᠠ ᠪᠥᠬᠦᠶ ᠵᠦᠶᠯᠡᠰ ᠢ ᠬᠢᠨᠠᠨ ᠵᠥᠪᠯᠡᠵᠦ ᠪᠠᠲᠤᠯᠠᠪᠠ᠃ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ8 ᠭᠡᠰᠢᠭᠦᠨ  ᠣᠷᠣᠯᠴᠠᠵᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠵᠠᠩ ᠬᠤ᠋ ᠬᠤᠷᠠᠯ ᠳᠤ ᠰᠤᠯᠠ ᠣᠷᠣᠯᠴᠠᠪᠠ᠃
     ᠸᠠᠩ ᠶᠠᠨ ᠵᠢᠶᠦ᠋ᠨ᠂ ᠨᠢᠭᠡ ᠳᠤ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯ ᠮᠠᠨ ᠤ ᠨᠠᠮ ᠤᠨ ᠤᠯᠤᠰ ᠲᠥᠷᠥ ᠶᠢᠨ ᠠᠮᠢᠳᠤᠷᠠᠯ ᠳᠤ ᠬᠢ ᠨᠢᠭᠡᠨ ᠶᠡᠭᠡ ᠶᠠᠪᠤᠳᠠᠯ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠮᠥᠨ᠃ ᠤᠳᠤ ᠠᠴᠠ ᠡᠬᠢᠯᠡᠨ ᠰᠠᠶᠢᠲᠤᠷ ᠲᠥᠯᠥᠪᠵᠢᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠬᠤ ᠬᠡᠷᠡᠭᠲᠡᠢ᠃ ᠬᠤᠶᠠᠷ ᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ《 ᠨᠢᠭᠡ ᠪᠠᠶᠢᠷᠢ ᠬᠤᠣᠰ ᠬᠠᠷᠢᠭᠤᠴᠠᠯᠭ᠎ᠠ 》 ᠶᠢᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠰᠠᠶᠢᠲᠤᠷ ᠭᠦᠢᠴᠡᠳᠬᠡᠵᠦ᠂ ᠨᠠᠮ ᠤᠨ ᠭᠡᠰᠢᠭᠦᠨ ᠺᠠᠳ᠋ᠷ ᠤᠨ ᠴᠤᠭ ᠰᠦᠯᠳᠡ ᠶᠢ ᠪᠠᠲᠠᠷᠠᠭᠤᠯᠬᠤ ᠬᠡᠷᠡᠭᠲᠠᠢ᠃ ᠭᠤᠷᠪᠠ ᠳᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠤᠨᠤᠯ ᠤᠨ ᠰᠤᠷᠤᠯᠴᠠᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠨᠤᠯ  ᠢᠶᠠᠷ ᠦᠢᠯᠡᠳᠦᠯᠭᠡ ᠶᠢ ᠵᠢᠯᠤᠭᠤᠳᠤᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠨᠠᠷᠢᠯᠢᠭ ᠬᠢᠬᠦ ᠬᠡᠷᠡᠭᠲᠡᠢ᠃ ᠲᠦᠷᠪᠡ ᠳᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ 《 ᠬᠠᠮᠤᠭ ᠤᠨ ᠰᠢᠯᠢᠳᠡᠭ ᠨᠠᠮ ᠤᠨ ᠡᠭᠦᠷ 》 ᠢ ᠪᠦᠲᠦᠭᠡᠨ ᠪᠠᠶᠢᠭᠤᠯᠬᠤ ᠠᠵᠢᠯ ᠢ ᠨᠠᠷᠢᠨ ᠬᠢᠨᠠᠮᠠᠭᠠᠢ ᠱᠠᠯᠠᠪᠳᠠᠭᠤᠯᠤᠨ ᠵᠢᠯᠣᠭᠤᠳᠴᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号