ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/3/3
     ᠬᠠᠲᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ  ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠬᠢᠭᠡᠳ ᠬᠠᠭᠤᠴᠢ ᠰᠤᠳᠤᠯᠤᠯ ᠤᠨ ᠭᠠᠵᠠᠷ ᠤᠨ ᠬᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠰᠢᠮᠳᠠᠭᠤᠯᠤᠨ ᠪᠠᠶᠢᠴᠠᠭᠠᠬᠤ ᠭᠠᠵᠠᠷ ᠲᠠᠢ ᠬᠠᠮᠵᠢᠯᠴᠠᠨ ᠬᠥᠬᠡᠬᠤᠲᠠ ᠶᠢᠨ ᠬᠤᠷᠢᠨᠭᠡᠷ ᠰᠢᠶᠠᠨ ᠳᠤ ᠬᠦᠷᠴᠦ᠂ ᠱᠧᠩ ᠯᠧ ᠮᠦᠽᠧᠶ᠂ ᠵᠡᠭᠦᠨ ᠬᠠᠨ ᠤᠯᠤᠰ ᠤᠨ ᠬᠠᠨ᠎ᠠ ᠶᠢᠨ ᠵᠢᠷᠤᠭ ᠤᠨ ᠣᠩᠭᠤᠨ᠂ ᠮᠢᠩ ᠤᠯᠤᠰ ᠤᠨ ᠣᠷᠳᠣ ᠴᠠᠭᠠᠨ ᠬᠡᠷᠡᠮ ᠤᠨ ᠬᠤᠸᠠᠩ ᠼᠤᠤ ᠯᠢᠶᠠᠩ ᠤᠨ ᠬᠡᠰᠡᠭ ᠪᠠ ᠶᠠᠩ ᠱᠠᠨ ᠠᠭᠤᠯᠠᠨ ᠤ ᠬᠡᠰᠡᠭ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠠᠬᠢᠴᠠ ᠶᠢ ᠪᠠᠶᠢᠴᠠᠭᠠᠵᠤ ᠰᠢᠮᠳᠠᠭᠤᠯᠤᠨ ᠵᠢᠯᠣᠭᠤᠳᠪᠠ᠃      ᠱᠧᠩ ᠯᠧ ᠮᠦᠽᠧᠶ ᠪᠣᠯ ᠬᠤᠷᠢᠨᠭᠡᠷ ᠤᠨ ᠲᠤ ᠴᠧᠩ ᠽᠢ ᠪᠠᠭᠤᠷᠢ ᠶᠢᠨ ᠤᠯᠤᠰ ᠤᠨ ᠬᠠᠭᠤᠴᠢ ᠰᠤᠳᠤᠯᠤᠯ  ᠤᠨ ᠪᠠᠭᠤᠷᠢ ᠶᠢᠨ ᠴᠡᠴᠡᠷᠯᠢᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠡᠷᠲᠡᠨ ᠤ ᠬᠤᠲᠠ ᠶᠢᠨ ᠪᠠᠭᠤᠷᠢ  ᠶᠢᠨ ᠲᠡᠦᠬᠡᠨ ᠦᠨ᠎ᠡ ᠥᠷᠲᠡᠭ ᠪᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠨ ᠥᠭᠦᠯᠡᠬᠦ ᠶᠢᠨ ᠲᠥᠯᠥᠭᠡ᠂ ᠣᠳᠣᠬᠠᠨ ᠳᠤ ᠶᠠᠭ ᠥᠭᠡᠷᠡᠴᠢᠯᠡᠨ ᠥᠷᠭᠡᠳᠬᠡᠵᠦ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ ᠮᠢᠩ ᠤᠯᠤᠰ ᠤᠨ ᠤᠷᠳᠤ ᠴᠠᠭᠠᠨ ᠬᠡᠷᠡᠮ ᠤᠨ ᠬᠤᠸᠠᠩ ᠼᠤᠤ ᠯᠢᠶᠠᠩ ᠤᠨ ᠬᠡᠰᠡᠭ᠂ ᠶᠠᠩ ᠱᠠᠨ ᠠᠭᠤᠯᠠ ᠶᠢᠨ ᠬᠡᠰᠡᠭ ᠪᠣᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠡᠷᠡᠭᠵᠢᠭᠦᠯᠬᠦ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠦᠯ ᠵᠦᠢᠯ ᠪᠣᠯᠤᠨ᠎ᠠ᠂ ᠲᠤᠰ ᠲᠦᠷᠦᠯ ᠵᠦᠢᠯ ᠢ ᠪᠢᠲᠡᠭᠦᠮᠵᠢᠯᠡᠨ ᠬᠠᠮᠠᠭᠠᠯᠠᠬᠤ ᠢᠨᠵᠧᠨᠧᠷᠢᠩ ᠢ ᠨᠢᠭᠡᠨᠲᠡ ᠪᠡᠶᠡᠯᠡᠭᠦᠯᠪᠡ᠃ ᠵᠡᠭᠦᠨ ᠬᠠᠨ ᠤᠯᠤᠰ ᠤᠨ ᠬᠠᠨ᠎ᠠ ᠶᠢᠨ ᠵᠢᠷᠤᠭ ᠤᠨ ᠣᠩᠭᠤᠨ ᠳᠤ ᠨᠢᠭᠡᠨᠲᠡ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠣᠳᠣᠬᠠᠨ ᠳᠤ ᠶᠠᠭ ᠲᠣᠭᠠᠴᠢᠯᠠᠭᠰᠠᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠨ᠎ᠠ᠃
     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠶᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢ ᠤᠯᠠᠮ ᠴᠢᠨᠠᠭᠰᠢᠳᠠ ᠡᠷᠴᠢᠮ ᠢᠶᠠᠨ ᠴᠢᠩᠭᠠᠷᠠᠭᠤᠯᠵᠤ ᠱᠠᠯᠠᠪᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号